ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ︱ᠰᠢᠨᠵᠢᠯᠡᠬᠦ ᠤᠬᠠᠭᠠᠨᠴᠢ ᠤᠰᠤ ᠪᠣᠷᠳᠣᠭᠤᠷ ᠤᠨ ᠬᠠᠮᠢᠶᠠᠷᠤᠯᠲᠠ ︵ᠬᠤᠶᠠᠷ︶ ᠨᠠᠷᠢᠯᠢᠭ ᠣᠨᠣᠴᠠᠲᠠᠢ ᠪᠠᠷ ᠪᠣᠷᠳᠣᠭᠤᠷ ᠣᠷᠣᠭᠤᠯᠬᠤ
ᠨᠡᠶᠢᠲᠡᠯᠡᠭᠰᠡᠨ ᠴᠠᠭ᠄
2024/8/10
      ᠪᠣᠷᠳᠣᠭᠤᠷ ᠣᠷᠣᠭᠤᠯᠬᠤ ᠬᠤᠭᠤᠴᠠᠭ᠎ᠠ᠄ ᠦᠶᠡᠯᠡᠬᠦ ᠬᠤᠭᠤᠴᠠᠭ᠎ᠠ ︵6 ᠨᠠᠪᠴᠢ ᠳᠡᠯᠭᠡᠬᠦ︶᠂ ᠪᠠᠭ᠎ᠠ ᠪᠦᠷᠢᠶᠡᠨ ᠤ ᠠᠮᠠᠰᠠᠷ ᠤᠨ ᠬᠤᠭᠤᠴᠠᠭ᠎ᠠ ︵9 ᠨᠠᠪᠴᠢ ᠳᠡᠯᠭᠡᠬᠦ︶᠂ ᠶᠡᠭᠡ ᠪᠦᠷᠢᠶᠡᠨ ᠤ ᠠᠮᠠᠰᠠᠷ ᠤᠨ ᠬᠤᠭᠤᠴᠠᠭ᠎ᠠ ︵12 ᠨᠠᠪᠴᠢ ᠳᠡᠯᠭᠡᠬᠦ︶᠂ ᠡᠷ᠎ᠡ ᠰᠣᠷᠣᠬᠤ ᠬᠤᠭᠤᠴᠠᠭ᠎ᠠ᠂ ᠮᠢᠨᠳᠠᠰᠤ ᠪᠥᠭᠡᠯᠵᠢᠬᠦ ᠬᠤᠭᠤᠴᠠᠭ᠎ᠠ᠂ ᠢᠳᠡᠭᠡ ᠬᠤᠷᠠᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 15 ᠡᠳᠦᠷ︶᠂ ᠰᠦ ᠪᠣᠯᠪᠠᠰᠤᠷᠠᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 30 ᠡᠳᠦᠷ︶ ᠵᠡᠷᠭᠡ ᠡᠷᠳᠡᠨᠢ ᠰᠢᠰᠢ ᠶᠢᠨ ᠦᠷᠡᠵᠢᠯ ᠤᠨ ᠵᠠᠩᠭᠢᠯᠠᠭ᠎ᠠ ᠶᠢᠨᠬᠤᠭᠤᠴᠠᠭ᠎ᠠ᠃      ᠪᠣᠷᠳᠣᠭᠤᠷ ᠣᠷᠣᠭᠤᠯᠬᠤ ᠤᠳᠠᠭ᠎ᠠ ᠵᠢᠴᠢ ᠪᠣᠷᠳᠣᠭᠤᠷ ᠣᠷᠣᠭᠤᠯᠬᠤ ᠬᠡᠮᠵᠢᠶ᠎ᠡ᠄      1.ᠡᠷᠳᠡᠨᠢ ᠰᠢᠰᠢ ᠶᠢᠨ ᠤᠨᠠᠯᠲᠠ ᠶᠢᠨ ᠬᠠᠷᠠᠯᠲᠠ ᠪᠠ ᠭᠠᠵᠠᠷ ᠤᠨ ᠰᠢᠮ᠎ᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠵᠤ᠂ ᠡᠯ᠎ᠡ ᠱᠠᠲᠤᠨ ᠤ ᠬᠥᠷᠥᠰᠥ ᠰᠢᠷᠣᠢ ᠶᠢᠨ ᠪᠣᠷᠳᠣᠭᠤᠷ ᠤᠨ ᠥᠷᠲᠡᠭᠡ ᠶᠢᠨ ᠬᠥᠷᠥᠰᠥ ᠰᠢᠷᠣᠢ ᠶᠢ ᠬᠡᠮᠵᠢᠨ ᠲᠠᠨᠢᠯᠴᠠᠭᠤᠯᠬᠤ ᠪᠠᠷ ᠳᠡᠮᠵᠢᠨ ᠲᠠᠨᠢᠯᠴᠠᠭᠤᠯᠤᠭᠰᠠᠨ ᠨᠠᠶᠢᠷᠠᠯᠭ᠎ᠠ ᠪᠤᠶᠤ ᠨᠠᠶᠢᠷᠠᠯᠭ᠎ᠠ ᠳᠤ ᠲᠤᠰᠬᠠᠢ ᠬᠡᠷᠡᠭᠯᠡᠬᠦ ᠪᠣᠷᠳᠣᠭᠤᠷ ᠢ ᠬᠡᠷᠡᠭᠯᠡᠨ᠎ᠡ᠃      2.ᠨᠥᠬᠦᠴᠡᠯ ᠲᠠᠢ ᠭᠠᠵᠠᠷ ᠣᠷᠣᠨ ᠳᠤ ᠮᠦ ᠪᠦᠷᠢ ᠳᠤ 2 ~ 3 ᠲᠣᠨ ᠰᠢᠯᠢᠳᠡᠭ ᠴᠢᠨᠠᠷ ᠲᠠᠢ ᠢᠯᠵᠢᠷᠡᠭᠰᠡᠨ ᠲᠠᠷᠢᠶᠠᠯᠠᠩ ᠤᠨ ᠪᠣᠷᠳᠣᠭᠤᠷ ᠪᠤᠶᠤ 1 ᠲᠣᠨ ᠣᠷᠴᠢᠮ ᠤᠨ ᠨᠠᠷᠢᠯᠢᠭ ᠣᠷᠭᠠᠨᠢᠭ ᠪᠣᠷᠳᠣᠭᠤᠷ ᠢ ᠣᠷᠣᠭᠤᠯᠤᠨ᠎ᠠ᠃      3.ᠬᠠᠷᠠᠯᠲᠠ ᠶᠢᠨ ᠤᠨᠠᠯᠲᠠ ᠶᠢ ᠦᠨᠳᠦᠰᠦᠯᠡᠨ ᠪᠣᠷᠳᠣᠭᠤᠷ ᠣᠷᠣᠭᠤᠯᠬᠤ ᠬᠡᠮᠵᠢᠶ᠎ᠡ ᠶᠢ ᠲᠣᠭᠲᠠᠭᠠᠨ᠎ᠠ ︵ᠳᠣᠣᠷᠠᠬᠢ ᠬᠦᠰᠦᠨᠦᠭᠲᠦ ᠳᠤ ᠦᠵᠡᠭᠡᠷᠡᠢ︶᠃ ᠶᠡᠷᠦ ᠳᠡᠭᠡᠨ ᠪᠦᠬᠦᠨ ᠢᠶᠠᠷ ᠢᠶᠠᠨ ᠹᠣᠰᠹᠣᠷ ᠪᠣᠷᠳᠣᠭᠤᠷ᠂ ᠺᠠᠯᠢ ᠪᠣᠷᠳᠣᠭᠤᠷ᠂ 15% ~ 25% ᠶᠢᠨ ᠠᠽᠣᠲ ᠪᠣᠷᠳᠣᠭᠤᠷ ᠢᠶᠠᠷ ᠦᠷ᠎ᠡ ᠶᠢᠨ ᠪᠣᠷᠳᠣᠭᠤᠷ ᠪᠣᠯᠭᠠᠨ᠎ᠠ᠃ ᠦᠯᠡᠳᠡᠭᠰᠡᠨ ᠠᠽᠣᠲ ᠤᠨ ᠪᠣᠷᠳᠣᠭᠤᠷ ᠢᠶᠠᠷ ᠨᠡᠮᠡᠯᠲᠡ ᠪᠣᠷᠳᠣᠭᠤᠷ ᠪᠣᠯᠭᠠᠵᠤ᠂ ᠤᠰᠤᠯᠠᠯᠲᠠ ᠶᠢᠨ ᠳᠠᠭᠠᠤ ᠤᠳᠠᠭ᠎ᠠ ᠬᠤᠪᠢᠶᠠᠨ ᠳᠤᠰᠤᠯᠭᠠᠨ ᠣᠷᠤᠭᠤᠯᠤᠨ᠎ᠠ︔ ᠬᠡᠷᠪᠡ 3 ᠤᠳᠠᠭ᠎ᠠ ᠬᠤᠪᠢᠶᠠᠪᠠᠯ᠂ ᠦᠶᠡᠯᠡᠬᠦ ᠬᠤᠭᠤᠴᠠᠭ᠎ᠠ᠂ ᠶᠡᠭᠡ ᠪᠦᠷᠢᠶᠡᠨ ᠤ ᠠᠮᠠᠰᠠᠷ ᠤᠨ ᠬᠤᠭᠤᠴᠠᠭ᠎ᠠ᠂ ᠮᠢᠨᠳᠠᠰᠤ ᠪᠥᠭᠡᠯᠵᠢᠬᠦ ᠬᠤᠭᠤᠴᠠᠭ᠎ᠠ ᠳᠤ 3:6:1 ᠶᠢᠨ ᠬᠠᠷᠢᠴᠠᠯ ᠢᠶᠠᠷ ᠳᠤᠰᠤᠯᠭᠠᠨ ᠣᠷᠤᠭᠤᠯᠤᠨ᠎ᠠ︔ ᠬᠡᠷᠪᠡ 5 ᠤᠳᠠᠭ᠎ᠠ ᠬᠤᠪᠢᠶᠠᠪᠠᠯ᠂ ᠦᠶᠡᠯᠡᠬᠦ ᠬᠤᠭᠤᠴᠠᠭ᠎ᠠ᠂ ᠶᠡᠭᠡ ᠪᠦᠷᠢᠶᠡᠨ ᠤ ᠠᠮᠠᠰᠠᠷ ᠤᠨ ᠬᠤᠭᠤᠴᠠᠭ᠎ᠠ᠂ ᠡᠷ᠎ᠡ ᠰᠣᠷᠣᠬᠤ ᠬᠤᠭᠤᠴᠠᠭ᠎ᠠ ᠂ ᠮᠢᠨᠳᠠᠰᠤ ᠪᠥᠭᠡᠯᠵᠢᠬᠦ ᠬᠤᠭᠤᠴᠠᠭ᠎ᠠ᠂ ᠢᠳᠡᠭᠡ ᠬᠤᠷᠠᠬᠤ ᠬᠤᠭᠤᠴᠠᠭ᠎ᠠ ᠳᠤ 2 : 5 : 1 : 1 ᠶᠢᠨ ᠬᠠᠷᠢᠴᠠᠯ ᠢᠶᠠᠷ ᠳᠤᠰᠤᠯᠭᠠᠨ ᠣᠷᠤᠭᠤᠯᠤᠨ᠎ᠠ᠃ ᠤᠰᠤᠯᠠᠯᠲᠠ ᠶᠢᠨ ᠨᠥᠬᠦᠴᠡᠯ ᠦᠭᠡᠢ ᠪᠣᠷᠣᠭᠠᠨ ᠤ ᠲᠡᠵᠢᠭᠡᠯ ᠤᠨ ᠣᠷᠣᠨ ᠳᠤ ᠪᠠᠰᠠ ᠠᠯᠭᠤᠷ ᠰᠢᠮᠡᠵᠢᠭᠦᠯᠬᠦ ᠪᠣᠷᠳᠣᠭᠤᠷ ᠬᠡᠷᠡᠭᠯᠡᠵᠦ ᠪᠣᠯᠣᠨ᠎ᠠ᠂ ᠪᠣᠷᠳᠣᠭᠤᠷ ᠤᠨ ᠦᠢᠯᠡᠳᠦᠯ ᠬᠢᠭᠡᠳ ᠰᠢᠮ᠎ᠡ ᠲᠡᠵᠢᠭᠡᠯ ᠤᠨ ᠠᠭᠤᠯᠤᠭᠳᠠᠴᠠ ᠶᠢ ᠦᠨᠳᠦᠰᠦᠯᠡᠨ ᠪᠣᠷᠳᠣᠭᠤᠷ ᠣᠷᠣᠭᠤᠯᠬᠤ ᠬᠡᠮᠵᠢᠶ᠎ᠡ ᠶᠢ ᠲᠣᠭᠲᠠᠭᠠᠵᠤ᠂ ᠨᠢᠭᠡ ᠯᠡ ᠤᠳᠠᠭ᠎ᠠ ᠳᠤ ᠮᠠᠰᠢᠨ ᠢᠶᠠᠷ ᠪᠣᠷᠳᠣᠭᠤᠷ ᠣᠷᠣᠭᠤᠯᠬᠤ ᠶᠢ ᠪᠡᠶᠡᠯᠡᠭᠦᠯᠦᠨ᠎ᠡ᠃ 
微信截图_20240812094118.png
 
图片1.png
       ᠠᠩᠬᠠᠷᠬᠤ ᠵᠦᠢᠯ᠄      1.ᠰᠠᠭᠤᠷᠢ ᠪᠣᠷᠳᠣᠭᠤᠷ ᠪᠤᠶᠤ ᠦᠷ᠎ᠡ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠂ ᠡᠭᠦᠨ ᠳᠤ ᠴᠡᠪᠡᠷ ᠠᠽᠣᠲ ᠢ ᠮᠦ ᠪᠦᠷᠢ ᠳᠤ 2kg ᠠᠴᠠ ᠬᠡᠲᠦᠷᠡᠭᠦᠯᠵᠦ ᠪᠣᠯᠬᠤ ᠦᠭᠡᠢ᠂ ᠦᠷ᠎ᠡ ᠶᠢᠨ ᠪᠣᠷᠳᠣᠭᠤᠷ  ᠨᠢ ᠭᠤᠣᠯᠳᠠᠭᠤ ᠹᠣᠰᠹᠣᠷ ᠪᠣᠷᠳᠣᠭᠤᠷ ᠪᠠ ᠺᠠᠯᠢ ᠶᠢᠨ ᠪᠣᠷᠳᠣᠭᠤᠷ  ᠢᠶᠠᠷ ᠭᠤᠣᠯᠯᠠᠨ᠎ᠠ᠃      2.ᠪᠣᠷᠳᠣᠭᠤᠷ ᠢ ᠰᠣᠩᠭᠤᠬᠤ ᠳᠠᠭᠠᠨ ᠰᠢᠮ᠎ᠡ ᠲᠡᠵᠢᠭᠡᠯ ᠤᠨ ᠠᠭᠤᠯᠤᠭᠳᠠᠴᠠ ᠪᠠᠷ ᠥᠨᠳᠥᠷ᠂ ᠬᠤᠯᠢᠴᠠ ᠪᠠᠭ᠎ᠠ᠂ᠠᠭᠤᠰᠤᠮᠠᠬᠠᠢ ᠬᠡᠮᠵᠢᠶ᠎ᠡ ᠥᠨᠳᠥᠷ᠂ ᠢᠳᠡᠮᠡᠬᠡᠢ ᠴᠢᠨᠠᠷ ᠢᠶᠠᠷ ᠪᠠᠭ᠎ᠠ᠂ ᠤᠷᠤᠰᠤᠩᠭᠢ ᠴᠢᠨᠠᠷ ᠢᠶᠠᠷ ᠰᠠᠶᠢᠨ ᠤᠰᠤᠨ ᠳᠤ ᠠᠭᠤᠰᠬᠤ ᠪᠣᠷᠳᠣᠭᠤᠷ ᠪᠤᠶᠤ ᠰᠢᠩᠭᠡᠨ ᠲᠥᠯᠥᠪᠲᠦ ᠪᠣᠷᠳᠣᠭᠤᠷ ᠢ ᠰᠣᠩᠭᠤᠵᠤ᠂ ᠳᠤᠰᠤᠯᠭᠠᠨ ᠤᠰᠤᠯᠠᠬᠤ ᠰᠢᠰᠲ᠋ᠧᠮ ᠢ ᠪᠥᠭᠯᠡᠬᠦ ᠪᠤᠶᠤ ᠢᠳᠡᠭᠳᠡᠭᠦᠯᠬᠦ ᠠᠴᠠ ᠵᠠᠶᠢᠯᠠᠰᠬᠢᠬᠦ ᠬᠡᠷᠡᠭᠲᠡᠢ᠃ ᠪᠣᠷᠳᠣᠭᠤᠷ ᠤᠨ ᠪᠠᠭᠲᠠᠭᠠᠮᠵᠢᠲᠤ ᠴᠢᠨᠠᠷ ᠤᠨ ᠠᠰᠠᠭᠤᠳᠠᠯ ᠢ ᠪᠣᠳᠣᠯᠬᠢᠯᠠᠵᠤ᠂ ᠪᠣᠷᠳᠣᠭᠤᠷ ᠢ ᠬᠤᠯᠢᠯᠳᠤᠭᠤᠯᠤᠨ ᠣᠷᠣᠭᠤᠯᠬᠤ ᠦᠶ᠎ᠡ ᠳᠤ ᠬᠠᠷᠢᠯᠴᠠᠨ ᠦᠢᠯᠡᠳᠦᠯ ᠦᠵᠡᠭᠦᠯᠬᠦ ᠠᠴᠠ ᠵᠠᠶᠢᠯᠠᠰᠬᠢᠬᠦ ᠬᠡᠷᠡᠭᠲᠡᠢ᠃      3.ᠤᠳᠠᠭ᠎ᠠ ᠪᠦᠷᠢ ᠪᠣᠷᠳᠣᠭᠤᠷ ᠳᠤᠰᠤᠭᠠᠬᠤ ᠠᠴᠠ ᠡᠮᠦᠨ᠎ᠡ ᠤᠷᠢᠳ ᠢᠶᠠᠷ ᠠᠭᠤᠰᠤᠮᠠᠬᠠᠢ ᠴᠢᠨᠠᠷᠲᠠᠢ ᠪᠣᠷᠳᠣᠭᠤᠷ ᠢ ᠪᠣᠷᠳᠣᠭᠤᠷ ᠣᠷᠣᠭᠤᠯᠬᠤ ᠯᠣᠩᠬᠤᠨ ᠳᠤ ᠤᠷᠢᠳᠴᠢᠯᠠᠨ ᠳᠡᠪᠲᠦᠭᠡᠭᠡᠳ ᠭᠦᠢᠴᠡᠳ ᠠᠭᠤᠰᠬᠠᠵᠤ᠂ ᠳᠠᠷᠠᠭ᠎ᠠ ᠨᠢ ᠳᠤᠰᠤᠯᠭᠠᠨ ᠤᠰᠤᠯᠠᠬᠤ ᠰᠢᠰᠲ᠋ᠧᠮ ᠢᠶᠠᠷ ᠳᠠᠮᠵᠢᠭᠤᠯᠤᠨ ᠳᠤᠰᠤᠯᠭᠠᠨ ᠤᠰᠤᠯᠠᠵᠤ ᠪᠣᠷᠳᠣᠭᠤᠷ ᠣᠷᠣᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号