ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠯᠤᠰ ᠤᠨ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠤᠷᠰᠢᠯᠲᠠ ᠶᠢᠨ ᠴᠡᠭ ᠪᠣᠯᠪᠠ
ᠨᠡᠶᠢᠲᠡᠯᠡᠭᠰᠡᠨ ᠴᠠᠭ᠄
2024/8/12
      ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠠᠴᠠ ᠣᠶᠢᠯᠠᠭᠠᠭᠰᠠᠨ ᠢᠶᠠᠷ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠮᠦᠨᠡᠬᠡᠨ ᠤᠯᠤᠰ ᠤᠨ  ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 1.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠶᠢ ᠣᠯᠪᠠ᠃      ᠲᠤᠷᠰᠢᠯᠲᠠ ᠶᠢᠨ ᠴᠡᠭ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠲᠤᠰ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤ ᠪᠠᠷ  ᠶᠡᠷᠦᠩᠬᠡᠢ ᠪᠡᠯᠡ ᠤᠷᠤᠭᠤᠯᠤᠯᠳᠠ ᠨᠢ 3.24 ᠳ᠋ᠦᠩᠰᠢᠭᠤᠷ ᠲᠥᠭᠦᠷᠢᠭ ᠤᠨ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠤᠷᠰᠢᠯᠲᠠ ᠶᠢᠨ ᠴᠡᠭ ᠤᠨ ᠲᠦᠷᠤᠯ ᠵᠦᠢᠯ ᠢ ᠨᠥᠭᠡᠴᠡᠯᠡᠨ ᠬᠠᠳᠠᠭᠠᠯᠠᠬᠤ ᠪᠠᠷ ᠰᠦᠪᠡᠭᠴᠢᠯᠡᠵᠦ᠂ 4 ᠵᠢᠯ ᠬᠤᠪᠢᠶᠠᠨ ᠬᠡᠷᠡᠭᠵᠢᠭᠦᠯᠬᠦ ᠪᠠᠷ ᠪᠣᠯᠵᠤ᠂ 2024 ᠣᠨ ᠤ ᠲᠦᠷᠦᠭᠦᠦ ᠪᠦᠯᠦᠭ ᠤᠨ ᠪᠡᠯᠡ ᠮᠥᠩᠭᠦ 0.4 ᠳ᠋ᠦᠩᠰᠢᠭᠤᠷ ᠲᠥᠭᠦᠷᠢᠭ ᠢ ᠨᠢᠭᠡᠨᠲᠡ ᠪᠠᠭᠤᠯᠭᠠᠭᠰᠠᠨ ᠪᠠᠶᠢᠨ᠎ᠠ᠃      ᠲᠤᠰ ᠲᠦᠷᠦᠯ ᠵᠦᠢᠯ ᠨᠢ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠬᠢ ᠪᠠᠶᠠᠯᠢᠭ ᠵᠢᠴᠢ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠮᠵᠢ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠣᠨᠴᠠᠯᠢᠭᠲᠤ ᠣᠷᠣᠨ ᠪᠦᠰᠡ ᠳᠤ ᠲᠥᠪᠯᠡᠷᠡᠭᠦᠯᠬᠦ ᠶᠢ ᠠᠬᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠥᠪᠯᠡᠷᠡᠭᠦᠯᠦᠨ ᠬᠡᠷᠡᠭᠵᠢᠭᠦᠯᠬᠦ ᠪᠠᠷ ᠲᠠᠮᠵᠢᠨ᠂ ᠥᠨᠳᠥᠷ ᠤᠨᠠᠯᠳᠠ ᠲᠠᠢ ᠰᠢᠯᠢᠳᠡᠭ ᠡᠪᠡᠰᠦ ᠪᠣᠷᠳᠣᠭᠠᠨ ᠤ ᠰᠠᠭᠤᠷᠢᠨ ᠤ ᠰᠢᠰᠲ᠋ᠧᠮ᠂ ᠣᠳᠣᠬᠢᠴᠢᠯᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ ᠲᠠᠯᠠᠪᠤᠷ ᠤᠨ ᠰᠢᠰᠲ᠋ᠧᠮ᠂ ᠰᠢᠯᠢᠳᠡᠭ ᠦᠷ᠎ᠡ ᠶᠢᠨ ᠮᠠᠯ ᠪᠣᠯᠣᠨ ᠲᠡᠵᠢᠭᠡᠯ ᠡᠪᠡᠰᠦᠨ ᠤ ᠦᠷ᠎ᠡ ᠶᠢ ᠥᠷᠭᠡᠳᠬᠡᠨ ᠳᠡᠯᠭᠡᠷᠡᠭᠦᠯᠬᠦ ᠰᠢᠰᠲ᠋ᠧᠮ᠂ ᠠᠶᠤᠯ ᠭᠠᠮᠰᠢᠭ ᠢ ᠰᠡᠷᠭᠡᠶᠢᠯᠡᠨ ᠪᠠᠭᠠᠰᠬᠠᠬᠤ ᠡᠪᠡᠰᠦ ᠪᠣᠷᠳᠤᠭ᠎ᠠ ᠬᠠᠳᠠᠭᠠᠯᠠᠬᠤ ᠰᠢᠰᠲ᠋ᠧᠮ᠂ ᠮᠢᠬᠠᠨ ᠤ ᠲᠦᠷᠤᠯ ᠤᠨ ᠰᠢᠨ᠎ᠡ ᠰᠣᠷᠭᠤᠭ ᠢ ᠪᠠᠲᠤᠯᠠᠬᠤ ᠬᠦᠢᠲᠡᠨ ᠬᠡᠯᠬᠢᠶᠡᠵᠢᠯ ᠤᠨ ᠬᠥᠮᠥᠷᠭᠡᠯᠡᠨ ᠬᠠᠳᠠᠭᠠᠯᠠᠬᠤ ᠰᠢᠰᠲ᠋ᠧᠮ᠂ ᠡᠪᠡᠰᠦ ᠪᠣᠷᠳᠤᠭ᠎ᠠ ᠮᠠᠯ ᠤᠨᠤᠭ᠎ᠠ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠰᠢᠰᠲ᠋ᠧᠮ᠂ ᠲᠦᠷᠦᠯ ᠲᠡᠮᠳᠡᠭ ᠤᠨ ᠪᠠᠶᠢᠭᠤᠯᠤᠯᠲᠠ ᠵᠢᠴᠢ ᠲᠦᠭᠡᠮᠡᠯᠵᠢᠭᠦᠯᠬᠦ ᠰᠢᠰᠲ᠋ᠧᠮ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠵᠤ᠂ ᠪᠦᠭᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠬᠦᠶᠢᠴᠡ ᠰᠠᠶᠢᠵᠢᠷᠠᠬᠤ ᠶᠢ ᠠᠬᠢᠭᠤᠯᠤᠨ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠭᠦ ᠬᠢᠷᠢ ᠲᠦᠪᠰᠢᠨ ᠪᠣᠯᠣᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号