ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮ ᠤᠨ ᠨᠠᠮ ᠤᠨ ᠡᠭᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠠᠮᠲᠤᠷᠠᠭᠰᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/14
      8 ᠰᠠᠷ᠎ᠠ ᠶᠢᠨ 11 ᠠᠴᠠ 13 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠨᠠᠮ ᠤᠨ ᠡᠭᠦᠷ᠂ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ᠂ ᠰᠦ ᠶᠢᠨ ᠦᠢᠯᠡᠰ ᠤᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠶᠢᠨ ᠵᠢᠯᠤᠭᠤᠳᠬᠤ ᠭᠠᠵᠠᠷ᠂ ᠬᠠᠪᠰᠤᠷᠤᠨ ᠲᠡᠳᠬᠦᠬᠦ ᠭᠠᠵᠠᠷ᠂ ᠲᠡᠵᠢᠭᠡᠯ ᠪᠣᠷᠳᠤᠭ᠎ᠠ ᠡᠪᠡᠰᠦᠨ ᠤ ᠭᠠᠵᠠᠷ ᠤᠨ ᠨᠠᠮ ᠤᠨ ᠡᠭᠦᠷ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠨᠠᠮ ᠤᠨ ᠡᠭᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠨᠠᠮ ᠤᠨ ᠡᠭᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠨᠠᠮ ᠤᠨ ᠡᠭᠦᠷ ︽ᠠᠨᠠᠷ ᠤᠨ ᠦᠷ᠎ᠡ ᠶᠢᠨ ᠰᠡᠳᠬᠢᠯᠭᠡ ᠪᠠᠨ ᠵᠤᠵᠠᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ᠃ 
88.1.png
       ᠨᠥᠬᠦᠳ ᠨᠠᠷ ᠪᠤᠷᠭᠠᠰᠤᠲᠠᠢ ᠰᠢᠶᠠᠩ ᠤᠨ ︽ᠬᠢᠩᠭᠠᠨ ᠤ ᠬᠥᠳᠡᠭᠡ ᠲᠣᠰᠬᠤᠨ ᠤ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ︾ ᠢ ᠲᠣᠭᠤᠷᠢᠨ ᠦᠵᠡᠵᠦ᠂ ᠦᠵᠡᠯ ᠰᠠᠨᠠᠭ᠎ᠠ ᠪᠠᠨ ᠠᠷᠢᠭᠤᠳᠬᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠠᠭᠤᠯᠤᠭᠳᠠᠬᠤᠨ ᠢ ᠣᠶᠢᠯᠠᠭᠠᠭᠰᠠᠨ ᠪᠠᠶᠢᠨ᠎ᠠ᠃ ᠠᠯᠳᠠᠷ ᠰᠤᠮᠤᠨ ᠤ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠳᠤ ᠦᠶ᠎ᠡ ᠶᠢᠨ ᠡᠪᠡᠰᠦᠨ ᠤ ᠠᠵᠤ ᠦᠢᠯᠡᠰ ᠤᠨ ᠪᠣᠯᠪᠠᠰᠤᠷᠠᠭᠤᠯᠤᠯᠲᠠ ᠶᠢᠨ ᠡᠳ᠋ ᠪᠠᠷᠠᠭᠠᠨ ᠤ ᠭᠦᠢᠯᠭᠡᠭᠡ ᠠᠷᠠᠯᠵᠢᠶᠠᠨ ᠤ ᠬᠦᠷᠢᠶᠡᠯᠡᠩ ᠲᠣᠭᠤᠷᠢᠭ᠂ ᠪᠡᠯᠴᠢᠭᠡᠷ ᠤᠨ ᠬᠤᠨᠢᠨ ᠤ ᠬᠤᠷᠰᠢᠶ᠎ᠠ ᠶᠢᠨ ᠬᠠᠮᠲᠤᠷᠠᠯ ᠬᠤᠷᠰᠢᠶ᠎ᠠ᠂ ᠲᠡᠷᠢᠭᠦᠨ ᠴᠠᠭᠠᠨ ᠢᠳᠡᠭᠡᠨ ᠤ ᠡᠳ᠋ᠰᠢᠭᠦᠯᠵᠦ ᠪᠣᠯᠪᠠᠰᠤᠷᠠᠭᠤᠯᠬᠤ ᠬᠤᠷᠰᠢᠶ᠎ᠠ᠂ ᠢᠦ ᠴᠧᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠲᠥᠪᠡᠳ ᠬᠠᠰᠢ ᠶᠢᠨ ᠨᠢᠭᠡᠳᠦᠯ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠰᠤᠷᠤᠯᠴᠠᠪᠠ᠃ ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠮᠠᠯᠴᠢᠳ ᠲᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠢᠭᠤᠷᠲᠠᠨ ᠲᠠᠶᠢᠯᠪᠤᠷᠢᠯᠠᠵᠤ᠂ ᠮᠠᠯᠴᠢᠳ ᠲᠠᠢ ᠮᠠᠯ ᠠᠵᠤ ᠠᠬᠤᠢ ᠶᠢᠨ ᠬᠥᠭᠵᠢᠯᠲᠡ ᠪᠠ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠭᠰᠡᠨ ᠲᠤᠷᠰᠢᠯᠲᠠ ᠶᠢᠨ ᠴᠡᠭ ᠤᠨ ᠪᠠᠶᠢᠳᠠᠯ ᠢ ᠰᠣᠯᠢᠯᠴᠠᠵᠠᠢ᠃
88.2.png
88.3.png
88.4.png
      ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ ᠶᠠᠷᠢᠯᠴᠠᠬᠤ ᠬᠤᠷᠠᠯ ᠬᠢᠪᠡ᠃ ᠤᠯᠠᠨ ᠢᠶᠠᠷ ᠢᠶᠠᠨ ᠬᠤᠶᠠᠷ ᠡᠳᠦᠷ ᠤᠨ ᠲᠤᠬᠠᠢ ᠶᠢᠨ ᠭᠠᠵᠠᠷ ᠲᠤ ᠲᠣᠭᠤᠷᠢᠨ ᠦᠵᠡᠬᠦ ᠪᠠᠷ ᠳᠠᠮᠵᠢᠵᠤ᠂ ᠭᠤᠣᠯ ᠲᠤᠷᠰᠢᠯᠭ᠎ᠠ ᠠᠷᠭ᠎ᠠ ᠪᠠᠷᠢᠯ᠂ ᠣᠨᠴᠠᠯᠢᠭ ᠲᠠᠢ ᠬᠢᠯᠠᠰ ᠴᠡᠭ ᠢ ᠰᠤᠷᠤᠯᠴᠠᠵᠤ᠂ ᠠᠵᠢᠯ ᠤᠨ ᠰᠡᠳᠬᠢᠴᠡ ᠪᠠᠨ ᠥᠷᠭᠡᠳᠬᠡᠵᠡᠢ ᠭᠡᠵᠦ ᠦᠵᠡᠪᠡ᠃ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠪᠠᠰᠠ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠲᠥᠷᠥᠭᠳᠡᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠᠨ ᠰᠣᠯᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠬᠦ ᠶᠠᠪᠤᠴᠠ ᠶᠢᠨ ᠡᠯ᠎ᠡ ᠲᠠᠯ᠎ᠠ ᠳᠤ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号