ᠠᠯᠠᠱᠠ ᠠᠶᠢᠮᠠᠭ ᠤᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠲᠥᠪ ᠨᠢ ᠦᠷ᠎ᠡ ᠶᠢᠨ ᠢᠷᠡᠯᠲᠡ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ ᠦᠷ᠎ᠡ ᠶᠢᠨ ᠦᠢᠯᠡᠰ ᠤᠨ ᠬᠢᠷᠢ ᠲᠦᠪᠰᠢᠨ ᠢ ᠲᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2024/8/15
      ᠠᠯᠠᠱᠠ ᠶᠢᠨ ᠴᠠᠭᠠᠨ ᠨᠤᠤᠯᠤᠭᠤᠷ ᠤᠨ ᠢᠮᠠᠭ᠎ᠠ ᠪᠣᠯ ᠤᠷᠳᠤ ᠬᠤᠭᠤᠴᠠᠭᠠᠨ ᠤ ᠪᠠᠶᠢᠭᠠᠯᠢ ᠶᠢᠨ ᠰᠣᠩᠭᠤᠯᠲᠠ ᠪᠠ ᠬᠥᠮᠥᠨ ᠤ ᠬᠦᠴᠦ ᠪᠠᠷ ᠪᠣᠶᠢᠵᠢᠭᠤᠯᠬᠤ ᠪᠠᠷ ᠲᠠᠮᠵᠢᠨ ᠪᠤᠢ ᠪᠣᠯᠤᠭᠰᠠᠨ ᠭᠠᠩ ᠬᠠᠭᠤᠷᠠᠢ ᠡᠯᠡᠰᠦᠨ ᠴᠦᠯ ᠤᠨ ᠨᠤᠲᠤᠭ ᠪᠡᠯᠴᠢᠭᠡᠷ ᠲᠤ ᠣᠨᠴᠠ ᠪᠠᠶᠢᠳᠠᠭ ᠨᠤᠤᠯᠤᠭᠤᠷ ᠮᠢᠬᠠᠨ ᠤ ᠬᠤᠣᠰ ᠬᠡᠷᠡᠭᠴᠡᠭᠡᠲᠦ ᠣᠷᠣᠨ ᠨᠤᠲᠤᠭ ᠤᠨ ᠰᠢᠯᠢᠳᠡᠭ ᠮᠠᠯ ᠤᠨ ᠡᠭᠦᠯᠳᠡᠷ ᠪᠣᠯᠣᠨ᠎ᠠ᠂ ᠥᠪᠥᠷ ᠮᠣᠩᠭᠤᠯ ᠤᠨ ᠨᠤᠤᠯᠤᠭᠤᠷ ᠤᠨ ᠢᠮᠠᠭᠠᠨ ᠤ ᠭᠤᠷᠪᠠᠨ ᠶᠡᠭᠡ ᠡᠭᠦᠯᠳᠡᠷ ᠤᠨ ᠨᠢᠭᠡ ᠪᠣᠯᠬᠤ ᠪᠥᠭᠡᠳ ᠤᠯᠤᠰ ᠤᠨ ᠪᠠᠯᠠᠷ ᠡᠷᠲᠡᠨ ᠤ ᠰᠢᠯᠢᠳᠡᠭ ᠮᠠᠯ ᠤᠨ ᠡᠭᠦᠯᠳᠡᠷ ᠤᠨ ᠤᠳᠤᠮᠰᠢᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠡᠭᠦᠯᠳᠡᠷ ᠪᠣᠯᠣᠨ᠎ᠠ᠃ ᠠᠯᠠᠱᠠ ᠶᠢᠨ ᠴᠠᠭᠠᠨ ᠨᠤᠤᠯᠤᠭᠤᠷ ᠤᠨ ᠢᠮᠠᠭᠠᠨ ᠤ ᠦᠷ᠎ᠡ ᠶᠢᠨ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠶᠢᠨ ᠲᠥᠯᠥᠭᠡ᠂ ᠣᠶᠢᠷ᠎ᠠ ᠳᠤ᠂ ᠠᠯᠠᠱᠠ ᠠᠶᠢᠮᠠᠭ ᠤᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠮᠠᠯ ᠠᠵᠤ ᠠᠬᠤᠢ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠤᠯᠤᠰ ᠤᠨ ᠲᠠᠰ ᠤᠨ ᠥᠪᠥᠷ ᠮᠣᠩᠭᠤᠯ ᠤᠨ ᠨᠤᠤᠯᠤᠭᠤᠷ ᠤᠨ ᠢᠮᠠᠭ᠎ᠠ ︵ᠠᠯᠠᠱᠠ ᠬᠡᠯᠪᠡᠷᠢ︶ ᠶᠢᠨ ᠡᠭᠦᠯᠳᠡᠷ ᠬᠠᠮᠠᠭᠠᠯᠠᠬᠤ ᠲᠠᠯᠠᠪᠠᠶ︱ᠠᠯᠠᠱᠠ ᠶᠢᠨ ᠴᠠᠭᠠᠨ ᠨᠤᠤᠯᠤᠭᠤᠷ ᠤᠨ ᠢᠮᠠᠭᠠᠨ ᠤ ᠡᠭᠦᠯᠳᠡᠷ ᠤᠨ ᠬᠤᠨᠢᠨ ᠤ ᠲᠠᠯᠠᠪᠠᠶ ᠶᠢᠨ ᠬᠤᠴᠠ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃
图片1.png
      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠨᠤᠤᠯᠤᠭᠤᠷ ᠤᠨ ᠢᠮᠠᠭ᠎ᠠ︾ ︵GB/T 43841︱2024︶ ᠶᠢᠨ ᠤᠯᠤᠰ ᠤᠨ ᠪᠠᠷᠢᠮᠵᠢᠶ᠎ᠠ ᠶᠣᠰᠣᠭᠠᠷ᠂ ᠠᠯᠠᠱᠠ ᠶᠢᠨ ᠨᠤᠤᠯᠤᠭᠤᠷ ᠤᠨ ᠴᠠᠭᠠᠨ ᠢᠮᠠᠭᠠᠨ ᠤ ᠡᠭᠦᠯᠳᠡᠷ ᠤᠨ ᠬᠤᠨᠢᠨ ᠤ ᠲᠠᠯᠠᠪᠠᠶ ᠶᠢᠨ ᠬᠠᠩᠭᠠᠭᠰᠠᠨ 218 ᠬᠤᠴᠠᠨ ᠤ ᠨᠤᠤᠯᠤᠭᠤᠷ ᠤᠨ ᠨᠠᠷᠢᠯᠠᠭ ᠤᠨ ᠬᠡᠮᠵᠢᠶ᠎ᠡ᠂ ᠨᠤᠤᠯᠤᠭᠤᠷ ᠤᠨ ᠵᠤᠵᠠᠭᠠᠨ᠂ ᠨᠤᠤᠯᠤᠭᠤᠷ ᠤᠨ ᠣᠷᠳᠣ ᠪᠠ ᠪᠡᠶ᠎ᠡ ᠶᠢᠨ ᠣᠷᠳᠣ ᠵᠡᠷᠭᠡ ᠦᠢᠯᠡᠳᠪᠦᠷᠢᠯᠡᠯ ᠤᠨ ᠴᠢᠨᠠᠷ ᠴᠢᠳᠠᠪᠤᠷᠢ ᠶᠢᠨ ᠭᠦᠢᠴᠡᠳᠬᠡᠯ ᠲᠤᠭ᠎ᠠ ᠳᠤ ᠬᠢᠨᠠᠨ ᠲᠣᠭᠲᠠᠭᠠᠯᠲᠠ ᠬᠢᠪᠡ᠃ ᠡᠭᠦᠨ ᠤ ᠬᠠᠮᠲᠤ ᠬᠤᠴᠠᠨ ᠤ ᠪᠷᠦ᠋ᠼᠧᠯ ᠡᠪᠡᠳᠴᠢᠨ ᠤ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠠᠶᠢᠬᠤ ᠶᠢ ᠰᠢᠯᠭᠠᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠵᠠᠢ᠃ ᠵᠦᠢᠯ ᠳᠠᠷᠠᠭᠠᠯᠠᠨ ᠬᠢᠨᠠᠨ ᠵᠥᠪᠰᠢᠶᠡᠷᠡᠵᠦ ᠰᠢᠯᠭᠠᠨ ᠲᠣᠭᠲᠠᠭᠠᠬᠤ ᠪᠠᠷ ᠳᠡᠮᠵᠢᠨ᠂ 174 ᠬᠤᠴᠠ ᠨᠢ ᠣᠨᠴᠠ ᠲᠠᠰ᠂ ᠨᠢᠭᠡᠳᠦᠭᠡᠷ ᠳᠡᠰ ᠤᠨ ᠪᠠᠷᠢᠮᠵᠢᠶ᠎ᠠ ᠳᠤ ᠬᠦᠷᠴᠦ᠂ ᠡᠭᠦᠨ ᠳᠤ᠄ 63 ᠣᠨᠴᠠ ᠲᠠᠰ ᠤᠨ ᠪᠠᠷᠢᠮᠵᠢᠶ᠎ᠠ᠂ 111 ᠨᠢᠭᠡᠳᠦᠭᠡᠷ ᠳᠡᠰ ᠤᠨ ᠪᠠᠷᠢᠮᠵᠢᠶ᠎ᠠ ᠪᠣᠶ᠃
图片2.png
      ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠴᠢᠨᠠᠷ ᠰᠠᠶᠢᠲᠠᠢ ᠴᠠᠭᠠᠨ ᠨᠤᠤᠯᠤᠭᠤᠷ ᠤᠨ ᠢᠮᠠᠭᠠᠨ ᠤ ᠬᠤᠴᠠ ᠶᠢ ᠦᠷᠭᠦᠯᠵᠢᠯᠡᠨ ᠪᠣᠶᠢᠵᠢᠭᠤᠯᠤᠨ ᠳᠡᠯᠭᠡᠷᠡᠭᠦᠯᠵᠦ᠂ ᠴᠠᠭᠠᠨ ᠨᠤᠤᠯᠤᠭᠤᠷ ᠤᠨ ᠢᠮᠠᠭᠠᠨ ᠤ ᠡᠭᠦᠯᠳᠡᠷ ᠢ ᠰᠣᠩᠭᠤᠨ ᠪᠣᠶᠢᠵᠢᠭᠤᠯᠬᠤ ᠶᠢ ᠪᠠᠷᠢᠮᠲᠠᠯᠠᠨ᠂ ᠠᠯᠠᠱᠠ ᠶᠢᠨ ᠨᠤᠤᠯᠤᠭᠤᠷ ᠤᠨ ᠢᠮᠠᠭᠠᠨ ᠤ ᠴᠢᠨᠠᠷ ᠰᠠᠶᠢᠲᠠᠢ ᠡᠭᠦᠯᠳᠡᠷ ᠤᠨ ᠡᠬᠢ ᠪᠠᠶᠠᠯᠢᠭ ᠤᠨ ᠳᠠᠪᠠᠭᠤᠯᠢᠭ ᠢ ᠬᠠᠮᠠᠭᠠᠯᠠᠵᠤ᠂ ᠠᠯᠠᠱᠠ ᠶᠢᠨ ᠴᠠᠭᠠᠨ ᠨᠤᠤᠯᠤᠭᠤᠷ ᠤᠨ ᠢᠮᠠᠭᠠᠨ ᠤ ᠠᠵᠤ ᠦᠢᠯᠡᠰ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠦᠨ᠎ᠡ᠃
图片3.png
 
 
ᠢᠷᠡᠯᠲᠡ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号