2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠵᠧᠵᠢᠶᠠᠩ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/16
      8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠤᠨ 29︱36 ᠳ᠋ᠤᠭᠠᠷ ᠬᠤᠭᠤᠴᠠᠭ᠎ᠠ ᠵᠧᠵᠢᠶᠠᠩ ᠶᠡᠭᠡ ᠰᠤᠷᠭᠠᠭᠤᠯᠢ ᠶᠢᠨ ᠽᠢ ᠶᠢᠨ ᠭᠠᠩ ᠰᠤᠷᠭᠠᠭᠤᠯᠢ ᠶᠢᠨ ᠲᠣᠭᠤᠷᠢᠭ ᠲᠤ ᠠᠩᠭᠢ ᠡᠬᠢᠯᠡᠬᠦ ᠶᠣᠰᠣᠯᠠᠯ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ᠂ ᠵᠧᠵᠢᠶᠠᠩ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠯᠢ ᠶᠦᠩ ᠨᠠᠷ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃
11.webp.png
       ᠵᠧᠵᠢᠶᠠᠩ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠯᠢ ᠶᠦᠩ ᠨᠥᠬᠦᠷ ᠡᠩ ᠲᠡᠷᠢᠭᠦᠨ ᠳᠤ ᠰᠤᠷᠭᠠᠭᠤᠯᠢ᠂ ᠳᠡᠭᠡᠳᠦ ᠰᠤᠷᠭᠠᠭᠤᠯᠢ ᠶᠢᠨ ᠡᠮᠦᠨ᠎ᠡ ᠠᠴᠠ ᠪᠦᠬᠦ ᠰᠢᠨ᠎ᠡ ᠰᠤᠷᠤᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠵᠧᠵᠢᠶᠠᠩ ᠶᠡᠭᠡ ᠰᠤᠷᠭᠠᠭᠤᠯᠢ ︽ᠲᠦᠷᠦᠭᠦᠴᠢ ᠬᠤᠨ︾ ᠪᠣᠶᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠳᠠᠪᠠᠭᠤᠯᠢᠭ ᠲᠤ ᠲᠦᠰᠢᠭᠯᠡᠨ᠂ ᠡᠯ᠎ᠡ ᠱᠠᠲᠤᠨ ᠤ ᠬᠥᠮᠥᠵᠢᠭᠦᠯᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠷᠦᠭᠦᠴᠢ ᠬᠤᠨ︾ ᠲᠦᠷᠦᠯ ᠵᠦᠢᠯ ᠳᠤ ᠵᠧᠵᠢᠶᠠᠩ ᠶᠡᠭᠡ ᠰᠤᠷᠭᠠᠭᠤᠯᠢ ᠶᠢᠨ ᠤᠶᠤᠨ ᠤᠬᠠᠭᠠᠨ᠂ ᠵᠧᠵᠢᠶᠠᠩ ᠤᠨ ᠲᠤᠷᠰᠢᠯᠭ᠎ᠠ ᠶᠢ ᠨᠡᠮᠡᠷᠢᠯᠡᠨ᠎ᠡ ᠭᠡᠪᠡ᠃
22.webp.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ ᠨᠥᠬᠦᠷ ᠰᠤᠷᠭᠠᠭᠤᠯᠢ ᠶᠢᠨ ᠨᠠᠷᠢᠨ ᠨᠢᠮᠪᠠᠢ ᠪᠡᠯᠡᠳᠬᠡᠨ ᠪᠠᠶᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠣᠰ ᠤᠳᠠᠭᠠᠨ ᠤ ᠬᠥᠮᠥᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠭᠤᠷᠪᠠᠨ ᠬᠦᠰᠡᠯ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠵᠢᠯᠤᠭᠤᠳᠬᠤ ︽ᠲᠦᠷᠦᠭᠦᠸ ᠬᠤᠨ︾ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠬᠤ ᠬᠡᠷᠡᠭᠲᠡᠢ︔ ᠬᠤᠶᠠᠷ ᠲᠤ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ︽ᠲᠦᠷᠦᠭᠦᠴᠢ ᠬᠤᠨ︾ ᠤ ᠡᠩᠨᠡᠭᠡ ᠶᠢ ᠪᠠᠶᠢᠭᠤᠯᠬᠤ ᠬᠡᠷᠡᠭᠲᠡᠢ︔ ᠭᠤᠷᠪᠠ ᠳᠤ ᠰᠤᠷᠤᠯᠴᠠᠯᠠᠭ᠎ᠠ ᠬᠡᠷᠡᠭᠯᠡᠯᠲᠡ ᠶᠢ ᠤᠶᠠᠯᠳᠤᠭᠤᠯᠬᠤ᠂ ᠮᠡᠳᠡᠬᠦᠢ ᠪᠠ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠪᠣᠶᠢᠵᠢᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
33.webp.png
       ︽ᠲᠦᠷᠦᠭᠦᠦ ᠬᠤᠨ︾ ᠲᠥᠷᠥᠯ ᠵᠦᠢᠯ ᠨᠢ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠦ ᠬᠤᠨ︾ ᠪᠣᠶᠢᠵᠢᠭᠤᠯᠬᠤ ᠲᠥᠷᠥᠯ ᠵᠦᠢᠯ ᠢ ᠡᠬᠢᠯᠡᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠵᠦ᠂ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠨᠡᠭᠡᠭᠡᠨ᠂ ︽ᠲᠦᠷᠦᠭᠦᠴᠢ ᠬᠤᠨ︾ ᠤ ᠰᠤᠷᠤᠭᠴᠢᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭ ᠪᠦᠬᠦᠢ ︽ᠲᠦᠷᠦᠭᠦᠴᠢ ᠬᠤᠨ︾ ᠤ ᠡᠩᠨᠡᠭᠡ ᠪᠠ ᠬᠤᠨ ᠤ ᠵᠢᠭᠰᠠᠭᠠᠯ ᠤᠨ ᠰᠢᠰᠲ᠋ᠧᠮ ᠢ ᠪᠣᠶ ᠪᠣᠯᠭᠠᠵᠤ᠂ ︽ᠲᠦᠷᠦᠭᠦᠴᠢ ᠬᠤᠨ︾ ᠤ ᠦᠢᠯᠡᠳᠦᠯ ᠢ ᠪᠠᠳᠠᠷᠠᠭᠤᠯᠵᠤ᠂ ᠨᠠᠩ ᠣᠯᠠᠨ ︽ᠬᠤᠨ ᠤ ᠰᠦᠷᠦᠭ︾ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠥᠯᠥᠭᠡ ᠶᠤᠮ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号