8 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮ ᠤᠨ ︽ᠮᠢᠩᠭᠠᠨ ᠲᠦᠮᠡᠨ ᠢᠨᠵᠧᠨᠧᠷᠢᠩ︾ ᠢ | ᠰᠤᠷᠤᠯᠴᠠᠬᠤ ᠭᠤᠣᠯ ᠰᠡᠳᠦᠪᠲᠦ ᠪᠣᠯᠪᠠᠰᠤᠷᠠᠯ ᠤᠨ ᠠᠩᠭᠢ ᠵᠧᠵᠢᠶᠠᠩ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠪᠡ᠃ | ᠪᠣᠯᠪᠠᠰᠤᠷᠠᠯ ᠤᠨ ᠠᠩᠭᠢ 7 ᠡᠳᠦᠷ ᠤᠨ ᠬᠤᠭᠤᠴᠠᠭ᠎ᠠ ᠲᠠᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠬᠢᠯᠡᠵᠦ᠂ | ᠵᠧᠵᠢᠶᠠᠩ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠠᠭᠠᠭᠠᠴᠢᠯᠠᠨ | ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠦᠩ ᠠᠩᠭᠢ ᠡᠬᠢᠯᠡᠬᠦ | ᠶᠣᠰᠣᠯᠠᠯ ᠳᠤ ᠣᠷᠣᠯᠴᠠᠬᠤ ᠶᠢᠨ ᠬᠠᠮᠲᠤ ᠶᠠᠷᠢᠶ᠎ᠠ ᠲᠠᠯᠪᠢᠪᠠ᠂ ᠲᠢᠩᠬᠢᠮ ᠤᠨ ᠰᠢᠰᠲ᠋ᠧᠮ ᠨᠢ ︽ᠬᠠᠷᠢᠭᠤᠴᠠᠯᠭ᠎ᠠ | ᠡᠭᠦᠷᠭᠡᠯᠡᠭᠰᠡᠨ ᠰᠠᠶᠢᠨ ᠺᠠᠳ᠋ᠷ︾᠂ ︽ᠶᠣᠰᠣ ᠰᠤᠷᠲᠠᠬᠤᠨ ᠤ ᠵᠢᠱᠢᠶᠡᠴᠢ︾᠂ ︽ᠴᠢᠬᠡᠴᠢ ᠰᠤᠷᠲᠠᠯ ᠲᠠᠢ ᠺᠠᠳ᠋ᠷ︾᠂ ︽ᠠᠲᠠᠷ | ᠬᠠᠭᠠᠯᠪᠤᠷᠢᠯᠠᠬᠤ ᠦᠬᠡᠷ ᠤᠨ ᠱᠠᠩᠨᠠᠯ︾ ᠤᠨ ᠢᠷᠠᠭᠤ ᠠᠯᠳᠠᠷ ᠤᠨ ᠴᠣᠯᠠ ᠣᠯᠤᠭᠰᠠᠨ ᠪᠠ ᠣᠨ ᠤ ᠬᠢᠨᠠᠨ | ᠰᠢᠯᠭᠠᠯᠲᠠ ᠳᠤ ᠰᠢᠯᠢᠳᠡᠭ᠂ ᠭᠠᠪᠢᠶ᠎ᠠ ᠪᠠᠶᠢᠭᠤᠯᠤᠭᠰᠠᠨ ᠵᠡᠷᠭᠡ 50 ᠭᠠᠷᠤᠢ ᠰᠤᠷᠤᠬᠴᠢ ᠭᠤᠣᠯ ᠰᠡᠳᠦᠪᠲᠦ | ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠪᠠ᠃ | | | | | ᠵᠧᠩ ᠹᠧᠩ ᠵᠥᠩ ᠠᠩᠭᠢ ᠡᠬᠢᠯᠡᠬᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠤᠷᠤᠭᠴᠢᠳ ᠡᠨᠡ | ᠤᠳᠠᠭᠠᠨ ᠤ ᠣᠯᠳᠠᠬᠤᠶ᠎ᠠ ᠪᠡᠷᠬᠡ ᠰᠤᠷᠤᠯᠴᠠᠬᠤ ᠵᠠᠪᠰᠢᠶᠠᠨ ᠢ ᠨᠠᠨᠳᠢᠩᠨᠠᠵᠤ᠂ ︽ᠮᠢᠩᠭᠠᠨ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ | ᠴᠢᠮᠦᠭᠡ ᠴᠢᠬᠤᠯᠠ ᠤᠳᠬ᠎ᠠ ᠶᠢ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ | ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠲᠠᠢ ᠤᠶᠠᠯᠳᠤᠭᠤᠯᠤᠨ᠂ | ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠭᠦᠨᠵᠡᠭᠡᠢ ᠰᠡᠳᠬᠢᠨ ᠰᠤᠷᠤᠯᠴᠠᠵᠤ᠂ ᠪᠣᠳᠠᠲᠠᠢ ᠲᠠᠢ ᠪᠠᠨ | ᠤᠶᠠᠯᠳᠤᠭᠤᠯᠤᠨ ᠰᠤᠷᠤᠯᠴᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ | ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠲᠠᠢ ᠤᠶᠠᠯᠳᠤᠭᠤᠯᠵᠤ᠂ ᠰᠤᠷᠤᠯᠴᠠᠬᠤ ᠳᠠᠭᠠᠨ ᠰᠡᠳᠬᠢᠵᠦ᠂ ᠰᠤᠷᠤᠯᠴᠠᠬᠤ ᠳᠠᠭᠠᠨ ᠬᠡᠷᠡᠭᠵᠢᠭᠦᠯᠵᠦ᠂ | ᠰᠤᠷᠤᠯᠴᠠᠬᠤ ᠳᠠᠭᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠨᠡᠩ | ᠯᠠᠪᠳᠠᠭᠤᠨ ᠬᠦᠴᠦᠲᠡᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠨ | ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ | | | | | ᠪᠣᠯᠪᠠᠰᠤᠷᠠᠯ ᠤᠨ ᠠᠩᠭᠢ ᠨᠢ ᠣᠨᠣᠯ ᠤᠨ ᠰᠤᠷᠤᠯᠴᠠᠯᠭ᠎ᠠ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ | ᠪᠠ ᠰᠤᠳᠤᠯᠤᠨ ᠶᠠᠷᠢᠯᠴᠠᠵᠤ ᠰᠣᠯᠢᠯᠴᠠᠬᠤ ᠬᠡᠯᠪᠡᠷᠢ ᠶᠢ ᠠᠪᠴᠤ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠢᠦᠢ ᠵᠢᠩ ᠴᠢᠤᠸᠠᠨ ᠫᠷᠦᠹᠧᠰᠰᠤᠷ᠂ ᠪᠦᠬᠦ ᠤᠯᠤᠰ ᠤᠨ ︽ᠲᠠᠷᠢᠶᠠᠯᠠᠩ ᠲᠠᠷᠢᠶᠠᠯᠠᠬᠤ | ᠣᠷᠣᠨ ᠲᠠᠷᠢᠶᠠᠴᠢᠨ︾ ᠤ ᠠᠰᠠᠭᠤᠳᠠᠯ ᠤᠨ ᠲᠤᠰᠬᠠᠢ ᠮᠡᠷᠭᠡᠵᠢᠯᠲᠡᠨ ᠱᠧᠨ ᠸᠧᠢ ᠴᠢᠶᠣᠤ ᠫᠷᠦᠹᠧᠰᠰᠤᠷ ᠵᠡᠷᠭᠡ ᠨᠡᠷᠡᠳᠦ | ᠡᠷᠳᠡᠮᠲᠡᠨ ᠢ ᠤᠷᠢᠵᠤ᠂ ᠣᠨᠴᠠᠯᠢᠭᠲᠤ ᠠᠵᠤ ᠦᠢᠯᠡᠰ ᠢ ᠰᠤᠷᠤᠯᠴᠠᠨ ᠦᠢᠯᠡᠳᠦᠯᠭᠡᠵᠢᠭᠦᠯᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ | ᠬᠥᠳᠡᠭᠡ ᠲᠣᠰᠬᠤᠨ ᠤ ᠡᠵᠡᠩᠨᠡᠯᠲᠡ ᠳᠤ ᠬᠦᠴᠦᠨ ᠨᠡᠮᠡᠷᠢᠯᠡᠬᠦ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ | ᠨᠤᠷᠮ᠎ᠠ ᠶᠢ ᠳᠡᠭᠡᠭᠰᠢᠯᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠵᠡᠷᠭᠡ ᠠᠭᠤᠯᠭ᠎ᠠ ᠶᠢᠨ | ᠲᠣᠭᠤᠷᠢᠨ ᠳᠤ ᠨᠠᠷᠢᠨ ᠲᠠᠶᠢᠯᠤᠮᠵᠢ ᠬᠢᠯᠭᠡᠵᠦ ᠬᠢᠴᠢᠶᠡᠯᠡᠭᠦᠯᠪᠡ᠃ ᠡᠭᠦᠨ ᠤ ᠬᠠᠮᠲᠤ᠂ ᠠᠨ ᠵᠢᠢ ᠢᠦᠢ ᠲᠣᠰᠬᠤᠨ᠂ ᠯᠢᠩ | ᠬᠤ᠋ ᠪᠠᠯᠭᠠᠰᠤ ᠶᠢᠨ ᠵᠦ ᠳ᠋ᠦᠨ ᠲᠣᠰᠬᠤᠨ᠂ ᠳ᠋ᠢ ᠭᠠᠩ ᠲᠣᠰᠬᠤᠨ᠂ ︽ᠬᠤᠩ ᠮᠧᠢ ᠷᠧᠨ︾ ᠵᠦᠷᠵᠢ ᠶᠢᠨ ᠰᠠᠭᠤᠷᠢᠨ | ᠭᠠᠵᠠᠷ᠂ ᠯᠢᠶᠠᠨ ᠱᠢ ᠪᠠᠯᠭᠠᠰᠤ ᠶᠢᠨ ᠪᠦ᠋ ᠭᠦ᠋ ᠯᠢ ᠵᠡᠷᠭᠡ ᠭᠠᠵᠠᠷ ᠲᠤ ᠬᠦᠷᠴᠦ ︽ᠮᠢᠩᠭᠠᠨ ᠲᠦᠮᠡᠨ ᠢᠨᠵᠧᠨᠧᠷᠢᠩ︾ | ᠤᠨ ᠪᠦᠲᠦᠭᠡᠨ ᠪᠠᠶᠢᠭᠤᠯᠤᠯᠲᠠ᠂ ᠡᠷᠲᠡᠨ ᠤ ᠲᠣᠰᠬᠤᠨ ᠤ ᠬᠠᠮᠠᠭᠠᠯᠠᠯᠲᠠ ᠪᠣᠯᠣᠨ ᠰᠣᠶᠣᠯ ᠤᠨ ᠬᠥᠭᠵᠢᠯ ᠮᠠᠨᠳᠤᠯ᠂ | ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ︽ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ︾ ᠤᠨ ᠪᠦᠲᠦᠭᠡᠨ | ᠪᠠᠶᠢᠭᠤᠯᠤᠯᠲᠠ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ | | |