ᠯᠢᠶᠠᠩ ᠹᠧᠩ 1 ᠳ᠋ᠤᠭᠡᠷ ᠨᠣᠮᠧᠷ
ᠨᠡᠶᠢᠲᠡᠯᠡᠭᠰᠡᠨ ᠴᠠᠭ᠄
2024/8/16
      ᠯᠢᠶᠠᠩ ᠹᠧᠩ 1 ᠳ᠋ᠤᠭᠡᠷ ᠨᠣᠮᠧᠷ ᠪᠣᠯ ᠥᠪᠥᠷ ᠮᠣᠩᠭᠤᠯ ᠤᠨ ᠵᠧᠨ ᠶᠢᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠭᠴᠠᠭᠠᠷ ᠪᠣᠶᠢᠵᠢᠭᠤᠯᠤᠭᠰᠠᠨ ᠡᠷᠳᠡᠨᠢ ᠰᠢᠰᠢ ᠶᠢᠨ ᠰᠢᠨ᠎ᠡ ᠡᠭᠦᠯᠳᠡᠷ ᠪᠣᠯᠣᠨ᠎ᠠ᠃ ᠬᠢᠨᠠᠨ ᠲᠣᠭᠲᠠᠭᠠᠭᠰᠠᠨ ᠳ᠋ᠤᠭᠠᠷ᠄ ᠮᠧᠩ ᠱᠧᠨ ᠢᠦᠢ 2021077 ᠳ᠋ᠤᠭᠠᠷ ᠨᠣᠮᠧᠷ᠃ ᠣᠯᠠᠨ ᠵᠢᠯ ᠤᠨ ᠲᠠᠷᠢᠮᠠᠯ ᠤᠨ ᠬᠢᠨᠠᠨ ᠲᠣᠭᠲᠠᠭᠠᠯᠲᠠ ᠪᠠᠷ ᠳᠠᠮᠵᠢᠨ᠂ ᠥᠨᠳᠥᠷ ᠲᠣᠭᠲᠠᠭᠤᠨ ᠤᠨᠠᠯᠳᠠ ᠲᠠᠢ᠂ ᠨᠢᠭᠲᠠ ᠳᠤ ᠳᠠᠭᠠᠭᠠᠮᠠᠭᠠᠢ᠂ ᠲᠦᠷᠦᠭᠦᠦ ᠨᠢ ᠵᠢᠭᠳᠡ᠂ ᠪᠠᠭᠲᠠᠭᠠᠮᠵᠢ ᠨᠢ ᠥᠨᠳᠥᠷ᠂ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ ᠰᠢᠯᠢᠳᠡᠭ ᠣᠨᠴᠠᠯᠢᠭ ᠢ ᠢᠯᠡᠷᠡᠭᠦᠯᠵᠡᠢ᠃ 
图片2.png
           ᠡᠭᠦᠯᠳᠡᠷ ᠤᠨ ᠣᠨᠴᠠᠯᠢᠭ᠄ ᠴᠢᠬᠢᠯᠡᠬᠦ ᠠᠴᠠ ᠪᠣᠯᠪᠠᠰᠤᠷᠠᠭᠤᠯᠬᠤ ᠬᠦᠷᠲᠡᠯ᠎ᠡ 127-129 ᠡᠳᠦᠷ᠂ ᠡᠰᠢ ᠶᠢᠨ ᠬᠡᠯᠪᠡᠷᠢ ᠨᠢ ᠬᠠᠭᠠᠰ ᠨᠢᠭᠲᠠ ᠬᠡᠯᠪᠡᠷᠢ ᠲᠠᠢ᠂ ᠡᠰᠢ ᠶᠢᠨ ᠥᠨᠳᠥᠷ ᠨᠢ 296cm᠂ ᠲᠦᠷᠦᠭᠦᠦ ᠶᠢᠨ ᠪᠠᠶᠢᠷᠢ ᠨᠢ 103cm᠂ ᠤᠷᠭᠤᠴᠠ ᠨᠢ ᠲᠡᠷᠢ ᠲᠡᠭᠰᠢ ᠪᠠᠶᠢᠳᠠᠭ᠃ ᠵᠢᠮᠢᠰ ᠤᠨ ᠲᠦᠷᠦᠭᠦᠦ ᠶᠢᠨ ᠲᠦᠩᠰᠡ ᠶᠢᠨ ᠬᠡᠯᠪᠡᠷᠢ ᠲᠠᠢ᠂ ᠲᠦᠷᠦᠭᠦᠦ ᠶᠢᠨ ᠤᠷᠳᠦ ᠨᠢ 21.3cm᠂ ᠲᠦᠷᠦᠭᠦᠦ ᠶᠢᠨ ᠪᠦᠳᠦᠭᠦᠨ ᠨᠢ 5.3cm᠂ ᠲᠦᠷᠦᠭᠦᠦ ᠶᠢᠨ ᠮᠥᠷ ᠤᠨ ᠲᠤᠭ᠎ᠠ  ᠨᠢ 16~18᠂ ᠮᠥᠷ ᠤᠨ ᠮᠦᠬᠦᠯᠢᠭ  ᠨᠢ 41᠂ ᠲᠦᠷᠦᠭᠦᠦ ᠶᠢᠨ ᠮᠥᠬᠦᠯᠢᠭ ᠤᠨ ᠲᠤᠭ᠎ᠠ ᠨᠢ 678᠂ ᠦᠷ᠎ᠡ ᠭᠠᠷᠬᠤ ᠨᠤᠷᠮ᠎ᠠ ᠨᠢ 81.5% ᠪᠠᠶᠢᠵᠤ᠂ ᠤᠯᠠᠭᠠᠨ ᠲᠡᠩᠭᠡᠯᠢᠭ᠂ ᠮᠥᠬᠦᠯᠢᠭ ᠨᠢ ᠬᠠᠭᠠᠰ ᠮᠣᠷᠢᠨ ᠰᠢᠳᠦᠨ ᠬᠡᠯᠪᠡᠷᠢ ᠲᠠᠢ᠂ ᠰᠢᠷ᠎ᠠ ᠥᠩᠭᠡᠲᠡᠢ᠂ ᠵᠠᠭᠤᠨ ᠮᠥᠬᠦᠯᠢᠭ ᠪᠦᠷᠢ ᠶᠢᠨ ᠬᠦᠨᠳᠦ  ᠨᠢ 35.2 ᠭᠷᠡᠮ ᠪᠠᠶᠢᠳᠠᠭ᠃ ᠬᠤᠭᠤᠰᠤᠨ ᠡᠰᠢ ᠦᠭᠡᠢ᠃ ᠮᠥᠬᠦᠯᠢᠭ ᠤᠨ ᠳᠣᠲᠣᠷ᠎ᠠ ᠪᠦᠳᠦᠭᠦᠯᠢᠭ ᠤᠭᠤᠷᠠᠭ 8.81%᠂ ᠪᠦᠳᠦᠭᠦᠯᠢᠭ ᠥᠭᠡᠬᠦ 3.16%᠂ ᠪᠦᠳᠦᠭᠦᠯᠢᠭ ᠴᠠᠷᠳᠠᠭᠤᠯ 76.95%᠂ ᠯᠠᠶᠢᠰᠢᠨ ᠰᠢᠪᠲᠦᠷᠲᠦ ᠬᠦᠴᠢᠯ 0.29% ᠠᠭᠤᠯᠵᠤ᠂ ᠪᠠᠭᠲᠠᠭᠠᠮᠵᠢ ᠶᠢᠨ ᠬᠦᠨᠳᠦ  ᠨᠢ 769 ᠭᠷᠡᠮ \ ᠯᠢᠲᠷ ᠪᠠᠶᠢᠳᠠᠭ᠃ ᠳᠤᠮᠳᠠ ᠵᠡᠷᠭᠡ ᠶᠢᠨ ᠲᠣᠮᠣ ᠲᠣᠯᠪᠣᠲᠤ ᠡᠪᠡᠳᠴᠢᠨ ᠢ ᠡᠰᠡᠷᠭᠦᠴᠡᠵᠦ ︵5MR︶᠂ ᠮᠤᠷᠤᠢ ᠰᠫᠣᠷᠲᠦ ᠨᠠᠪᠴᠢᠨ ᠲᠣᠯᠪᠣᠲᠤ ᠡᠪᠡᠳᠴᠢᠨ ᠢ ᠡᠰᠡᠷᠭᠦᠴᠡᠵᠦ︵3R︶᠂ ᠰᠢᠷᠬᠡᠭ ᠬᠠᠷᠠᠯᠠᠬᠤ ᠲᠦᠷᠦᠭᠦᠲᠦ ᠡᠪᠡᠳᠴᠢᠨ ᠢ ᠮᠡᠳᠡᠷᠡᠵᠦ ︵23.5%S︶᠂ ᠡᠰᠢ ᠢᠯᠵᠢᠷᠡᠬᠦ ᠡᠪᠡᠳᠴᠢᠨ ᠢ ᠡᠰᠡᠷᠭᠦᠴᠡᠵᠦ ︵9.3%R︶᠂ ᠡᠷᠳᠡᠨᠢ ᠰᠢᠰᠢ ᠶᠢᠨ ᠮᠢᠩ ᠬᠤᠷᠤᠬᠠᠢ ᠶᠢ ᠮᠠᠳᠡᠷᠡᠳᠡᠭ ︵6.9S︶᠃      ᠤᠨᠠᠯᠲᠠ ᠶᠢᠨ ᠬᠡᠮᠵᠢᠶ᠎ᠡ᠄ 2019 ᠣᠨ ᠤ  ᠮᠧᠩ ᠺᠧ ᠢᠦᠢ ᠬᠤᠯᠪᠣᠭᠠᠲᠤ ᠴᠣᠭᠴᠠ ᠶᠢᠨ ᠳᠤᠮᠳᠠ ᠵᠡᠷᠭᠡ ᠶᠢᠨ ᠪᠣᠯᠪᠠᠰᠤᠷᠠᠯᠲᠠ ᠶᠢᠨ ᠳᠤᠭᠤᠶᠢᠯᠠᠩ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ ᠨᠢ 873.0 ᠺᠢᠯᠣᠭ᠍ᠷᠠᠮ ᠪᠠᠶᠢᠵᠤ᠂ ᠯᠢ ᠡᠾᠧ 3  ᠲᠠᠢ ᠬᠠᠷᠢᠴᠠᠭᠤᠯᠪᠠᠯ  ᠤᠨᠠᠯᠳᠠ  ᠨᠢ 3.70% ᠪᠠᠷ ᠨᠡᠮᠡᠭᠳᠡᠵᠦ᠂ ᠳᠤᠮᠳᠠᠴᠢ ᠦᠷᠡᠵᠢᠯ ᠤᠨ ᠬᠤᠭᠤᠴᠠᠭ᠎ᠠ ᠨᠢ 0.9 ᠡᠳᠦᠷ ᠣᠷᠣᠢ ᠪᠠᠶᠢᠳᠠᠭ︔ 2020 ᠣᠨ ᠤ ᠮᠧᠩ ᠺᠧ ᠢᠦᠢ ᠬᠤᠯᠪᠣᠭᠠᠲᠤ ᠴᠣᠭᠴᠠ ᠶᠢᠨ ᠳᠤᠮᠳᠠ ᠵᠡᠷᠭᠡ ᠶᠢᠨ ᠪᠣᠯᠪᠠᠰᠤᠷᠠᠯᠲᠠ ᠶᠢᠨ ᠳᠤᠭᠤᠶᠢᠯᠠᠩ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 897.6 ᠺᠢᠯᠣᠭ᠍ᠷᠠᠮ ᠪᠠᠶᠢᠵᠤ᠂ ᠯᠢ ᠡᠾᠧ 3 ᠠᠴᠠ ᠲᠠᠢ ᠬᠠᠷᠢᠴᠠᠭᠤᠯᠪᠠᠯ ᠤᠨᠠᠯᠳᠠ ᠨᠢ 3.62% ᠪᠠᠷ ᠨᠡᠮᠡᠭᠳᠡᠵᠦ᠂ ᠳᠤᠮᠳᠠᠴᠢ ᠦᠷᠡᠵᠢᠯ ᠤᠨ ᠬᠤᠭᠤᠴᠠᠭ᠎ᠠ ᠨᠢ 0.1 ᠡᠳᠦᠷ ᠣᠷᠣᠢ ᠪᠠᠶᠢᠪᠠ︔ 2020 ᠣᠨ ᠤ ᠮᠧᠩ ᠺᠧ ᠢᠦᠢ ᠬᠤᠯᠪᠣᠭᠠᠲᠤ ᠴᠣᠭᠴᠠ ᠶᠢᠨ ᠳᠤᠮᠳᠠ ᠵᠡᠷᠭᠡ ᠶᠢᠨ ᠪᠣᠯᠪᠠᠰᠤᠷᠠᠯᠲᠠ ᠶᠢᠨ ᠳᠤᠭᠤᠶᠢᠯᠠᠩ ᠤᠨ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 899.8 ᠺᠢᠯᠣᠭ᠍ᠷᠠᠮ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠠᠴᠠ ᠪᠠᠨ 6.91% ᠪᠠᠷ ᠨᠡᠮᠡᠭᠳᠡᠵᠦ᠂ ᠳᠤᠮᠳᠠᠴᠢ ᠦᠷᠡᠵᠢᠯ ᠤᠨ ᠬᠤᠭᠤᠴᠠᠭ᠎ᠠ ᠨᠢ ᠬᠠᠷᠢᠴᠠᠭᠤᠯᠤᠭᠰᠠᠨ ᠬᠡᠮᠵᠢᠶ᠎ᠡ ᠠᠴᠠ ᠪᠠᠨ 0.9 ᠡᠳᠦᠷ ᠣᠷᠣᠢ ᠪᠣᠯᠵᠠᠢ᠃      ᠬᠥᠳᠡᠯᠭᠡᠭᠡᠨᠲᠦ ᠬᠤᠷᠠᠮᠳᠤᠭᠰᠠᠨ ᠳᠤᠯᠠᠭᠠᠨ ︵≥10︶ 2650℃ ᠠᠴᠠ ᠳᠡᠭᠡᠭᠰᠢᠬᠢ ᠭᠠᠵᠠᠷ ᠣᠷᠣᠨ ᠳᠤ ᠲᠠᠷᠢᠬᠤ ᠶᠢ ᠳᠡᠯᠭᠡᠷᠡᠭᠦᠯᠬᠦ ᠳᠤ ᠲᠣᠬᠢᠷᠠᠮᠵᠢᠲᠠᠢ᠃      ᠲᠠᠷᠢᠵᠤ ᠪᠣᠶᠢᠵᠢᠭᠤᠯᠬᠤ ᠭᠤᠣᠯᠳᠠᠯᠭ᠎ᠠ᠄ ᠲᠠᠷᠢᠬᠤ ᠬᠤᠭᠤᠴᠠᠭ᠎ᠠ ᠨᠢ 4 ᠰᠠᠷ᠎ᠠ ᠶᠢᠨ ᠰᠡᠭᠦᠯᠴᠢ ᠠᠴᠠ 5 ᠰᠠᠷ᠎ᠠ ᠶᠢᠨ ᠡᠬᠢ ᠪᠣᠯᠲᠠᠯ᠎ᠠ᠃ ᠨᠢᠭᠲᠠᠴᠠ ᠨᠢ ᠮᠦ ᠪᠦᠷᠢ 5000 ᠰᠠᠭᠤᠷᠢ ᠴᠢᠬᠢ ᠤᠷᠭᠤᠬᠤ ᠶᠢ ᠪᠠᠳᠤᠯᠠᠨ᠎ᠠ᠃ ᠮᠦ ᠪᠦᠷᠢ ᠳᠤ ᠲᠠᠷᠢᠶᠠᠯᠠᠩ ᠤᠨ ᠪᠣᠷᠳᠤᠭᠤᠷ 2000kg᠂ ᠹᠣᠰᠹᠣᠷ ᠬᠦᠴᠢᠯ ᠤᠨ ᠬᠤᠶᠠᠷ ᠠᠮᠮᠤᠨᠢ 15kg᠂ ᠨᠡᠶᠢᠯᠡᠮᠡᠯ ᠪᠣᠷᠳᠣᠭᠤᠷ 20kg ᠣᠷᠤᠭᠤᠯᠵᠤ᠂ ᠦᠶᠡᠯᠡᠬᠦ ᠬᠤᠭᠤᠴᠠᠭᠠᠨ ᠳᠤ ᠮᠦ ᠪᠦᠷᠢ ᠳᠤ 25kg ᠰᠢᠭᠡᠰᠦᠯᠢᠭ ᠡᠳ᠋ ᠨᠡᠮᠡᠵᠦ ᠣᠷᠤᠭᠤᠯᠤᠨ᠂ ᠴᠡᠴᠡᠭᠯᠡᠬᠦ ᠬᠤᠭᠤᠴᠠᠭᠠᠨ ᠳᠤ ᠮᠦ ᠪᠦᠷᠢ ᠳᠤ 10kg ᠤᠨ ᠰᠢᠭᠡᠰᠦᠯᠢᠭ ᠡᠳ᠋ ᠨᠡᠮᠡᠵᠦ ᠣᠷᠣᠭᠤᠯᠤᠨ᠎ᠠ᠃ ᠰᠢᠷᠬᠡᠭ ᠬᠠᠷᠠᠯᠠᠬᠤ ᠲᠦᠷᠦᠭᠦᠦ ᠶᠢᠨ ᠡᠪᠡᠳᠴᠢᠨ᠂ ᠲᠣᠮᠣ ᠲᠣᠯᠪᠣᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠠᠩᠬᠠᠷᠬᠤ ᠬᠡᠷᠡᠭᠲᠡᠢ᠃
 
ᠢᠷᠡᠯᠲᠡ᠄ ᠣᠷᠳᠣᠰ ᠬᠤᠳᠠ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号