︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠣᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ᠶᠢᠨ ᠰᠠᠨᠠᠯ ᠬᠤᠷᠢᠶᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/8/2
      ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠥᠷᠥᠯ ᠵᠦᠢᠯ ᠢ ᠬᠢᠨᠠᠨ ᠲᠣᠭᠲᠠᠭᠠᠬᠤ᠂ ᠲᠥᠷᠥᠯ ᠵᠦᠢᠯ ᠢ ᠨᠤᠲᠠᠯᠠᠬᠤ᠂ ᠠᠳᠠᠯᠢᠳᠬᠠᠨ ᠰᠢᠯᠭᠠᠨ ᠠᠪᠬᠤ᠂ ᠱᠠᠩᠨᠠᠨ ᠰᠢᠯᠭᠠᠷᠠᠭᠤᠯᠵᠤ ᠰᠢᠯᠢᠳᠡᠭ ᠢ ᠲᠠᠨᠢᠯᠴᠠᠭᠤᠯᠬᠤ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠵᠦ᠂ ᠡᠯ᠎ᠡ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤᠮᠳᠠᠬᠢ ᠯᠠᠪᠯᠠᠭ᠎ᠠ ᠪᠠ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠲᠤᠰᠬᠠᠢ ᠮᠡᠷᠭᠡᠵᠢᠯᠲᠡᠨ ᠤ ᠬᠥᠮᠥᠷᠭᠡ ᠵᠢᠴᠢ ᠲᠤᠰᠬᠠᠢ ᠮᠡᠷᠭᠡᠵᠢᠯᠲᠡᠨ ᠤ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠲᠤᠰᠬᠠᠢ ᠮᠡᠷᠭᠡᠵᠢᠯᠲᠡᠳ ᠤᠨ ᠡᠭᠦᠷᠭᠡ ᠪᠠᠨ ᠭᠦᠢᠴᠡᠳᠬᠡᠬᠦ ᠶᠢ ᠦᠨᠡᠨᠬᠦ ᠪᠠᠲᠤᠯᠠᠵᠤ᠂ ᠲᠤᠰᠬᠠᠢ ᠮᠡᠷᠭᠡᠵᠢᠯᠲᠡᠳ ᠤᠨ ᠡᠷᠬᠡ ᠠᠰᠢᠭ ᠢ ᠦᠨᠡᠨᠬᠦ ᠬᠠᠮᠠᠭᠠᠯᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠥᠷᠥᠯ ᠵᠦᠢᠯ ᠢ ᠬᠢᠨᠠᠨ ᠲᠣᠭᠲᠠᠭᠠᠬᠤ ᠵᠡᠷᠭᠡ ᠠᠵᠢᠯ ᠤᠨ ᠲᠥᠪ ᠭᠤᠥᠯᠴᠢ ᠴᠢᠨᠠᠷ ᠪᠠ ᠵᠢᠷᠤᠮᠵᠢᠯᠳᠤ ᠴᠢᠨᠠᠷ ᠢ ᠭᠦᠢᠴᠡᠳ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠣᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ᠶᠢ ᠰᠣᠳᠣᠯᠣᠨ ᠲᠤᠭᠤᠷᠪᠢᠪᠠ᠃ ᠡᠳᠦᠭᠡ ᠨᠡᠶᠢᠭᠡᠮ ᠨᠡᠶᠢᠲᠡ ᠳᠤ ᠬᠠᠨᠳᠤᠭᠤᠯᠤᠨ ᠢᠯᠡ ᠪᠠᠷ ᠰᠠᠨᠠᠯ ᠬᠤᠷᠢᠶᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠪᠠ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠣᠳᠠᠲᠠᠢ ᠰᠠᠨᠠᠯ ᠢ ᠳᠣᠣᠷᠠᠬᠢ ᠠᠷᠭ᠎ᠠ ᠵᠠᠮ ᠢᠶᠠᠷ ᠬᠠᠷᠢᠭᠤ ᠲᠤᠰᠬᠠᠵᠤ ᠪᠣᠯᠣᠨ᠎ᠠ᠄      1.ᠵᠠᠬᠢᠳᠠᠯ ᠤᠨ ᠬᠡᠯᠪᠡᠷᠢ ᠪᠠᠷ ᠰᠠᠨᠠᠯ ᠢᠶᠠᠨ ᠰᠢᠤᠳᠠᠨ ᠳᠤ ᠢᠯᠡᠭᠡᠬᠦ ᠨᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠤᠮᠧᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ︵ᠰᠢᠤᠳᠠᠨ ᠤ ᠳ᠋ᠤᠭᠠᠷ 010010︶᠃ ᠢᠷᠡᠭᠦᠯᠦᠭᠰᠡᠨ ᠵᠠᠬᠢᠳᠠᠯ ᠳᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠤᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ﹀ ᠶᠢᠨ ᠰᠠᠨᠠᠯ ᠬᠤᠷᠢᠶᠠᠬᠤ︾ ᠭᠡᠰᠡᠨ ᠥᠰᠥᠭ ᠢ ᠲᠣᠳᠣᠷᠬᠠᠶᠢᠯᠠᠭᠠᠷᠠᠢ᠃      2.ᠢᠮᠧᠯ ᠤᠨ ᠬᠡᠯᠪᠡᠷᠢ ᠪᠠᠷ ᠰᠠᠨᠠᠯ ᠢᠶᠠᠨ ᠬᠦᠷᠭᠡᠬᠦ ᠨᠢ᠄ LMJ999999@163.com᠃ ᠰᠠᠨᠠᠯ ᠤᠨ ᠬᠠᠷᠢᠭᠤ ᠲᠤᠰᠬᠠᠯ ᠤᠨ ᠳᠠᠭᠤᠰᠬᠤ ᠡᠳᠦᠷ ᠨᠢ 2024 ᠣᠨ ᠤ 8 ᠰᠠᠷ᠎ᠠ ᠶᠢᠨ 16 ᠤ ᠡᠳᠦᠷ ᠪᠣᠯᠲᠠᠯ᠎ᠠ᠃       ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠤᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠣᠷᠠᠭ︶︾                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 8 ᠰᠠᠷ᠎ᠠ ᠶᠢᠨ 2 ᠤᠨ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号