ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠪᠠ︕ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢ ᠰᠢᠨ᠎ᠡ ᠪᠠᠷ ᠰᠣᠯᠢᠬᠤ ᠳᠤ ᠰᠢᠨ᠎ᠡ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/8/2
      7 ᠰᠠᠷ᠎ᠠ ᠶᠢᠨ 19 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠢ ᠨᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠠᠪᠤᠳᠠᠯ ᠨᠢ ᠲᠠᠲᠠᠬᠤ ᠴᠢᠨᠠᠷ ᠳᠠᠶᠢᠴᠢᠯᠠᠬᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠲᠦᠷᠦ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠨᠢ ᠳᠣᠲᠣᠭᠠᠳᠤ ᠬᠡᠷᠡᠭᠴᠡᠭᠡᠨ ᠤ ᠳᠠᠯᠳᠠ ᠬᠦᠴᠦ ᠶᠢ ᠨᠡᠩ ᠰᠠᠶᠢᠲᠤᠷ ᠪᠠᠳᠠᠷᠠᠭᠤᠯᠬᠤ ᠳᠤ ᠠᠰᠢᠭᠲᠠᠢ ᠶᠤᠮ᠂ ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ —      ᠤᠯᠤᠰ ᠤᠨ ᠬᠡᠳᠦ ᠤᠷᠲᠤ ᠬᠤᠭᠤᠴᠠᠭ᠎ᠠ ᠲᠠᠢ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃      ᠲᠣᠨᠤᠭ ᠲᠥᠬᠦᠭᠡᠷᠦᠮᠵᠢ ᠪᠠᠨ ᠰᠢᠨᠡᠳᠬᠡᠬᠦ ᠲᠦᠷᠦᠯ ᠵᠦᠢᠯ ᠢ ᠳᠡᠮᠵᠢᠬᠦ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂ ᠳᠡᠮᠵᠢᠬᠦ ᠬᠡᠪᠴᠢᠶ᠎ᠡ ᠶᠢ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠷᠠᠭᠰᠠᠨ ᠴᠠᠬᠢᠯᠭᠠᠨ ᠱᠠᠲᠤ ᠵᠡᠷᠭᠡ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠢᠴᠢ ᠭᠤᠣᠯᠳᠠᠯᠭ᠎ᠠ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠠᠮᠤᠷ ᠲᠦᠪᠰᠢᠨ ᠤ ᠥᠭᠡᠷᠡᠴᠢᠯᠡᠨ ᠰᠢᠨᠡᠳᠬᠡᠬᠦ ᠬᠦᠷᠢᠶᠡᠨ ᠳᠤ ᠬᠦᠷᠲᠡᠯ᠎ᠡ ᠥᠷᠭᠡᠳᠬᠡᠵᠦ᠂ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠨᠢ ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠶᠠᠪᠤᠴᠠ ᠶᠢ ᠨᠢ ᠳᠥᠭᠦᠮᠴᠢᠯᠡᠨ᠎ᠡ᠃      ᠲᠡᠭᠡᠭᠡᠪᠦᠷᠢ ᠶᠢᠨ ᠬᠠᠭᠤᠴᠢᠷᠠᠭᠰᠠᠨ ᠣᠩᠭᠤᠴᠠ ᠰᠠᠯ᠂ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠠᠭᠰᠠᠨ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠨᠢ ᠳᠡᠮᠵᠢᠵᠦ᠂ ᠲᠠᠷᠢᠶᠠᠯᠠᠩ ᠤᠨ ᠮᠠᠰᠢᠨ ᠮᠧᠬᠠᠨᠢᠭ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠡᠷᠭᠡ ᠶᠢ ᠰᠢᠨᠡᠳᠬᠡᠬᠦ ᠳᠤ ᠨᠥᠬᠦᠪᠦᠷᠢ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠡᠳ᠋ ᠤᠨ ᠵᠠᠰᠠᠭ ᠤᠨ ᠳᠠᠮ ᠬᠦᠦ ᠮᠥᠩᠭᠦ ᠥᠭᠬᠦ ᠬᠠᠷᠢᠴᠠᠯ ᠢ ᠨᠢ ᠳᠡᠭᠡᠭᠰᠢᠯᠡᠭᠦᠯᠦᠨ᠎ᠡ᠃      ᠣᠷᠣᠨ ᠨᠤᠲᠤᠭ ᠤᠨ ᠬᠢᠨ ᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠴᠢᠳᠠᠪᠤᠷᠢ ᠪᠠᠨ ᠴᠢᠩᠭᠠᠳᠬᠠᠬᠤ ᠶᠢ ᠳᠡᠮᠵᠢᠵᠦ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠦᠢᠯᠡᠳᠬᠦᠨ ᠢᠶᠠᠨ ᠰᠢᠨ᠎ᠡ ᠪᠠᠷ ᠰᠣᠯᠢᠬᠤ ᠳᠤ ᠨᠥᠬᠦᠪᠦᠷᠢ ᠣᠯᠭᠤᠬᠤ ᠡᠷᠴᠢᠮ ᠢ ᠴᠢᠩᠭᠠᠷᠠᠭᠤᠯᠤᠨ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠳᠤ ᠪᠡᠯᠡ ᠮᠥᠩᠭᠦᠨ ᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠳᠠᠯᠢ ᠪᠤᠰᠤ ᠥᠮᠴᠢᠯᠡᠯ ᠤᠨ ᠳᠦᠷᠢᠮ᠂ ᠠᠳᠠᠯᠢ ᠪᠤᠰᠤ ᠭᠠᠵᠠᠷ ᠲᠤ ᠳᠠᠩᠰᠠᠯᠠᠭᠤᠯᠤᠭᠰᠠᠨ ᠠᠵᠤ ᠠᠬᠤᠶᠢᠯᠠᠯ ᠤᠳ ᠤᠨ ᠲᠥᠷᠥ ᠶᠢᠨ ᠪᠣᠳᠣᠯᠭ᠎ᠠ ᠭᠥᠷᠳᠡᠬᠦ ᠶᠢ ᠨᠢ ᠨᠢᠭᠡ ᠯᠡ ᠠᠳᠠᠯᠢ ᠪᠠᠷ ᠳᠡᠮᠵᠢᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号