ᠥᠪᠥᠷ ᠮᠣᠩᠭᠤᠯ ᠤᠨ ᠮᠧᠩ ᠶᠤᠸᠠᠨ ᠺᠤᠸᠠᠨ ᠢᠳᠡᠭᠡᠨ ᠤ ᠬᠢᠵᠠᠭᠠᠷᠲᠤ ᠺᠣᠮᠫᠠᠨᠢ ᠬᠤᠨᠢᠨ ᠠᠷᠠᠰᠤ ᠶᠢ ᠡᠯ᠎ᠡ | ᠵᠦᠢᠯ ᠤᠨ ᠰᠤᠯᠠ ᠢᠳᠡᠭᠡᠨ ᠪᠣᠯᠭᠠᠨ ᠪᠤᠯᠪᠠᠰᠤᠷᠠᠭᠤᠯᠵᠤ᠂ 1 ᠬᠤᠨᠢᠨ ᠤ ᠠᠷᠠᠰᠤ ᠠᠴᠠ ᠪᠤᠯᠪᠠᠰᠤᠷᠠᠭᠤᠯᠤᠭᠰᠠᠨ | ᠰᠤᠯᠠ ᠢᠳᠡᠬᠡᠨ ᠤ ᠠᠰᠢᠭ ᠤᠷᠤᠯᠭ᠎ᠠ ᠨᠢ 80 — 200 ᠲᠦᠬᠦᠷᠢᠭ ᠲᠤ ᠬᠦᠷᠴᠦ᠂ ᠬᠤᠨᠢᠨ ᠠᠷᠠᠰᠤ ᠶᠢ | ᠰᠢᠭᠤᠳ ᠬᠤᠳᠠᠯᠳᠤᠬᠤ ᠠᠴᠠ 8 ᠳᠠᠬᠢᠨ ᠢᠯᠡᠭᠦᠦ ᠠᠰᠢᠭ ᠤᠷᠤᠯᠭ᠎ᠠ ᠤᠯᠵᠤ ᠪᠠᠶᠢᠨ᠎ᠠ᠃ ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ | ᠣᠶᠢᠯᠠᠭᠠᠭᠰᠠᠨ ᠢᠶᠠᠷ᠂ ᠬᠤᠨᠢᠨ ᠤ ᠠᠷᠠᠰᠤ ᠨᠤᠤᠰᠤ ᠶᠠᠰᠤ ᠴᠢᠰᠤ ᠵᠡᠷᠭᠡ ᠳᠠᠭᠠᠯᠲᠠ ᠪᠦᠲᠦᠭᠡᠭᠳᠡᠭᠦᠨ ᠢ ᠠᠰᠢᠭᠯᠠᠬᠤ ᠨᠢ | ᠨᠢᠬᠡᠨᠳᠡ ᠮᠠᠨ ᠤ ᠤᠷᠤᠨ ᠤ ᠮᠢᠬᠠᠨ ᠤ ᠬᠤᠨᠢ ᠶᠢᠨ ᠥᠷᠲᠡᠭ ᠢ ᠨᠡᠮᠡᠭᠳᠡᠭᠦᠯᠬᠦ ᠰᠢᠨ᠎ᠡ ᠠᠷᠭ᠎ᠠ ᠵᠠᠮ ᠪᠤᠯᠵᠤ᠂ ᠤᠳᠤ | ᠵᠢᠯ ᠳᠤ 700 ᠭᠠᠷᠤᠶ ᠲᠦᠮᠡᠨ ᠬᠤᠨᠢᠨ ᠤ ᠠᠷᠠᠰᠤ ᠶᠢ ᠢᠳᠡᠭᠡᠨ ᠪᠤᠯᠭᠠᠨ ᠪᠤᠯᠪᠠᠰᠤᠷᠠᠭᠤᠯᠬᠤ ᠴᠢᠳᠠᠪᠤᠷᠢ ᠲᠠᠢ | ᠪᠤᠯᠵᠠᠢ᠃ | ᠮᠢᠬᠠᠨ ᠤ ᠬᠤᠨᠢᠨ ᠤ ᠠᠵᠤ ᠦᠢᠯᠡᠰ ᠪᠤᠯ ᠮᠠᠨ ᠤ ᠤᠷᠤᠨ ᠤ ᠮᠠᠯ ᠠᠵᠤ ᠠᠬᠤᠶ ᠲᠠᠷᠢᠶᠠᠯᠠᠩ ᠤᠨ | ᠭᠤᠤᠯᠳᠠᠯᠭ᠎ᠠ ᠲᠠᠢ ᠠᠵᠤ ᠦᠢᠯᠡᠰ ᠪᠠᠶᠢᠵᠤ᠂ ᠵᠢᠯ ᠳᠤ 6000 ᠲᠦᠮᠡ ᠭᠠᠷᠤᠢ ᠬᠤᠨᠢ ᠪᠤᠷᠤᠯᠠᠭᠤᠯᠤᠨ ᠬᠤᠨᠢᠨ | ᠠᠷᠠᠰᠤ ᠶᠢᠨ ᠭᠠᠷᠤᠯᠳᠠ ᠪᠠᠷ ᠪᠦᠬᠦ ᠤᠯᠤᠰ ᠲᠤ ᠲᠦᠷᠦᠭᠦᠯᠡᠵᠤ ᠪᠤᠢ᠃ ᠮᠠᠨ ᠤ ᠤᠷᠤᠨ ᠡᠨᠡ ᠬᠦ ᠡᠬᠢ | ᠪᠠᠶᠠᠯᠢᠭ ᠲᠠᠭᠠᠨ ᠲᠦᠰᠢᠭᠯᠡᠨ ᠬᠤᠨᠢᠨ ᠠᠷᠠᠰᠤ ᠶᠢ ᠢᠳᠡᠭᠡᠨ ᠪᠤᠯᠭᠠᠨ ᠪᠤᠯᠪᠠᠰᠤᠷᠠᠭᠤᠯᠬᠤ ᠶᠢ ᠢᠳᠡᠪᠬᠢᠲᠡᠢ | ᠠᠬᠢᠭᠤᠯᠵᠤ᠂ ︽ᠬᠤᠨᠢᠨ ᠠᠷᠠᠰᠤ ᠶᠢ ᠢᠳᠡᠭᠡᠨ ᠪᠤᠯᠭᠠᠨ ᠪᠤᠯᠪᠠᠰᠤᠷᠠᠭᠤᠯᠬᠤ ᠲᠤᠷᠰᠢᠯᠲᠡ ᠶᠢᠨ ᠠᠵᠢᠯ ᠤᠨ ᠲᠥᠰᠦᠯ︾ ᠢ | ᠳᠠᠷᠤᠮᠠᠯᠯᠠᠨ ᠲᠠᠷᠬᠠᠭᠠᠬᠤ ᠶᠢᠨ ᠬᠠᠮᠳᠤ ᠲᠤᠷᠰᠢᠯᠲᠡ ᠶᠢᠨ ᠴᠡᠭ ᠤᠨ ᠠᠶᠢᠮᠠᠭ ᠬᠤᠲᠠ ᠪᠠ ᠠᠵᠤ ᠠᠬᠤᠶᠢᠯᠠᠯ ᠢ | ᠲᠣᠭᠲᠠᠭᠠᠨ᠂ ᠬᠤᠨᠢᠨ ᠠᠷᠠᠰᠤ ᠶᠢ ᠢᠳᠡᠭᠡᠨ ᠪᠤᠯᠭᠠᠨ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ | ᠪᠠᠶᠢᠭᠤᠯᠬᠤ ᠶᠢ ᠬᠥᠲᠥᠯᠥᠨ ᠵᠢᠯᠣᠭᠤᠳᠴᠤ᠂ ᠤᠳᠤᠬᠠᠨ ᠪᠤᠯᠳᠠᠯ᠎ᠠ ᠬᠥᠯᠥᠨ ᠪᠣᠶᠢᠷ ᠬᠤᠲᠠ᠂ ᠬᠢᠩᠭᠠᠨ ᠠᠶᠢᠮᠠᠭ᠂ | ᠰᠢᠯᠢ ᠶᠢᠨ ᠭᠤᠤᠯ ᠠᠶᠢᠮᠠᠭ ᠪᠠ ᠪᠠᠶᠠᠨᠨᠠᠭᠤᠷ ᠬᠤᠲᠠ ᠵᠡᠷᠭᠡ ᠭᠠᠵᠠᠷ ᠲᠤ ᠬᠤᠨᠢᠨ ᠠᠷᠠᠰᠤ ᠶᠢ ᠢᠳᠡᠭᠡᠨ ᠪᠤᠯᠭᠠᠨ | ᠪᠤᠯᠪᠠᠰᠤᠷᠠᠭᠤᠯᠬᠤ 9 ᠠᠵᠤ ᠠᠬᠤᠶᠢᠯᠠᠯ ᠢ ᠪᠣᠶᠢᠵᠢᠭᠤᠯᠪᠠ᠃ ᠡᠬᠦᠨ ᠳᠤ 6 ᠠᠵᠤ ᠠᠬᠤᠶᠢᠯᠠᠯ ᠨᠢ ᠨᠢᠭᠡᠨᠲᠡ | ᠦᠢᠯᠡᠳᠪᠦᠷᠢᠯᠡᠯ ᠢᠶᠠᠨ ᠡᠬᠢᠯᠡᠭᠦᠯᠵᠦ᠂ 300 ᠲᠣᠨ ᠬᠤᠨᠢᠨ ᠠᠷᠠᠰᠤᠨ ᠴᠠᠷᠴᠠᠮᠠᠯ᠂ 135 ᠲᠣᠨ ᠠᠷᠠᠰᠤ ᠲᠠᠢ ᠲᠠᠪᠤᠨ | ᠴᠤᠯᠤ᠂ 120 ᠲᠣᠨ ᠬᠠᠷ᠎ᠠ ᠴᠠᠪᠠᠤ᠂ 500 ᠲᠣᠨ ᠬᠤᠨᠢᠨ ᠠᠷᠠᠰᠤᠨ ᠤᠭᠤᠷᠠᠭ ᠤᠨ ᠨᠤᠨᠲᠠᠭ ᠪᠤᠯᠪᠠᠰᠤᠷᠠᠭᠤᠯᠤᠨ᠂ | ᠨᠡᠶᠢᠲᠡ 2922 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠤᠯᠵᠤ᠂ ᠮᠠᠨ ᠤ ᠤᠷᠤᠨ ᠳᠤ ᠬᠤᠨᠢᠨ | ᠠᠷᠠᠰᠤ ᠶᠢ ᠢᠳᠡᠭᠡᠨ ᠪᠣᠯᠭᠠᠨ ᠪᠣᠯᠪᠠᠰᠤᠷᠠᠭᠤᠯᠬᠤ ᠠᠵᠤ ᠦᠢᠯᠡᠰ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ᠂ | ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ |