ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/27
      ᠠᠯᠤᠰ ᠰᠡᠷᠡᠯ ᠤᠨ ᠮᠡᠷᠭᠡᠵᠢᠯ ᠢ ᠠᠰᠢᠭᠯᠠᠨ ᠤᠯᠠᠭᠠᠨᠬᠠᠳᠠ ᠬᠤᠳᠠ ᠶᠢᠨ ᠲᠠᠷᠢᠮᠠᠯ ᠤᠨ ᠠᠮᠢᠳᠤᠷᠠᠯ ᠤᠨ ᠣᠷᠴᠢᠨ ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠬᠦ ᠶᠢᠨ ᠲᠥᠯᠥᠭᠡ᠂ 8 ᠰᠠᠷ᠎ᠠ ᠶᠢᠨ 22  ᠤᠨ ᠡᠳᠦᠷ ᠠᠴᠠ 25 ᠤ ᠡᠳᠦᠷ ᠪᠣᠯᠲᠠᠯ᠎ᠠ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠺᠦᠩ ᠲᠢᠶᠠᠨ ᠮᠡᠳᠡᠭᠡ ᠵᠠᠩᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠰᠦᠩᠱᠠᠨ ᠲᠣᠭᠤᠷᠢᠭ᠂ ᠠᠷᠤ ᠬᠤᠷᠴᠢᠨ ᠬᠤᠰᠢᠭᠤ᠂ ᠬᠡᠰᠢᠭᠲᠡᠨ ᠬᠤᠰᠢᠭᠤᠨ ᠳᠤ ᠬᠦᠷᠴᠦ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠵᠡᠢ᠃ 
图片1.png
 
图片2.png
       ᠲᠤᠰ ᠤᠳᠠᠭᠠᠨ ᠤ ᠮᠡᠳᠡᠭᠡ ᠵᠠᠩᠭᠢ ᠶᠢ ᠴᠤᠭᠯᠠᠭᠤᠯᠬᠤ ᠳᠤ ᠮᠡᠷᠭᠡᠵᠢᠯᠲᠡᠳ ᠭᠤᠣᠯᠳᠠᠭᠤ ᠰᠢᠷ᠎ᠠ ᠪᠤᠷᠴᠠᠭ᠂ ᠡᠷᠳᠡᠨᠢ ᠰᠢᠰᠢ ᠶᠢᠨ ᠡᠪᠡᠳᠴᠢᠨ ᠬᠤᠷᠣᠬᠠᠢ ᠶᠢᠨ ᠬᠦᠨᠦᠭᠡᠯ ᠡᠭᠦᠰᠦᠭᠰᠡᠨ ᠪᠠᠶᠢᠳᠠᠯ ᠵᠢᠴᠢ ᠲᠠᠯ᠎ᠠ ᠨᠤᠲᠤᠭ ᠤᠨ ᠴᠠᠷᠴᠠᠬᠠᠢ ᠶᠢᠨ ᠨᠢᠭᠲᠠᠴᠠ ᠳᠤ ᠬᠠᠨᠳᠤᠭᠤᠯᠤᠨ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠰᠢᠷ᠎ᠠ ᠪᠤᠷᠴᠠᠭ᠂ ᠡᠷᠳᠡᠨᠢ ᠰᠢᠰᠢ ᠶᠢᠨ ᠲᠠᠷᠢᠮᠠᠯ ᠤᠨ ᠤᠷᠭᠤᠯᠲᠠ ᠶᠢᠨ ᠣᠷᠴᠢᠨ ᠲᠣᠭᠤᠷᠢᠨ᠂ ᠲᠠᠷᠢᠮᠠᠯ ᠤᠨ ᠲᠠᠯᠠᠪᠠᠶ᠂ ᠳᠠᠯᠠᠶ ᠶᠢᠨ ᠲᠦᠪᠰᠢᠨ ᠠᠴᠠ ᠡᠷᠭᠦᠭᠳᠡᠭᠰᠡᠨ ᠦᠨᠳᠦᠷᠴᠡ᠂ ᠤᠷᠲᠤᠷᠢᠭ᠂ ᠥᠷᠭᠡᠷᠢᠭ ᠵᠡᠷᠭᠡ ᠡᠯᠧᠮᠧᠨ᠋ᠲ ᠢ ᠴᠤᠭᠯᠠᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠤᠨ ᠨᠠᠪᠴᠢᠨ ᠤ ᠲᠠᠯᠠᠪᠠᠶ᠂ ᠨᠠᠪᠴᠢᠨ ᠤ ᠨᠣᠭᠤᠭᠠᠨ ᠡᠳ᠋ ᠵᠡᠷᠭᠡ ᠮᠡᠷᠭᠡᠵᠢᠯ ᠤᠨ ᠭᠦᠢᠴᠡᠳᠬᠡᠯ ᠲᠤᠭ᠎ᠠ ᠶᠢ ᠬᠡᠮᠵᠢᠨ ᠲᠣᠭᠲᠠᠭᠠᠵᠤ᠂ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠲᠤ ᠪᠣᠯᠵᠣᠯᠲᠤ ᠲᠤᠭ᠎ᠠ ᠬᠠᠩᠭᠠᠵᠤ᠂ ᠶᠡᠭᠡ ᠣᠷᠣᠨ ᠪᠦᠰᠡ ᠶᠢᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠠᠯᠤᠰ ᠰᠡᠷᠡᠯ ᠤᠨ ᠬᠢᠨᠠᠨ ᠬᠡᠮᠵᠢᠯᠲᠡ ᠪᠠ ᠤᠷᠢᠳᠴᠢᠯᠠᠨ ᠰᠡᠷᠡᠮᠵᠢᠯᠡᠭᠦᠯᠬᠦ ᠪᠣᠯᠤᠨ ᠲᠤᠬᠠᠢ ᠶᠢᠨ ᠭᠠᠵᠠᠷ ᠤᠨ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠤᠯᠠᠭᠠᠨᠬᠠᠳᠠ ᠬᠤᠲᠠ ᠶᠢᠨ ᠠᠮᠤ ᠪᠤᠳᠠᠭᠠᠨ ᠤ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号