ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠠᠭᠤᠨ ᠰᠤᠷᠪᠤᠯᠵᠢᠯᠠᠭᠴᠢ ᠶᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠥᠯᠢᠭᠡᠷ ᠢ ᠰᠠᠶᠢᠬᠠᠨ ᠶᠠᠷᠢᠵᠤ ᠥᠭᠭᠦᠯ᠎ᠡ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ᠂ ︽ᠭᠤᠸᠠᠩᠮᠢᠩ ᠡᠳᠦᠷ ᠤᠨ ᠰᠣᠨᠢᠨ︾ ᠤ ᠰᠤᠷᠪᠤᠯᠵᠢᠯᠠᠭᠴᠢ ᠲᠠᠩ ᠠᠢ ᠵᠢᠶᠦ᠋ᠨ ︽ᠥᠪᠥᠷ ᠮᠣᠩᠭᠤᠯ ᠤᠨ ᠲᠠᠯ᠎ᠠ ᠨᠤᠲᠤᠭ ᠪᠣᠯ ᠡᠷᠳᠡᠨᠢᠰ ᠤᠨ ᠰᠠᠩ ᠰᠢᠭ᠋᠂ ᠠᠳᠡᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠮᠵᠢᠶ᠎ᠡ ᠨᠢ ᠶᠡᠭᠡ᠂ ᠴᠢᠨᠠᠷ ᠨᠢ ᠰᠠᠶᠢᠨ ᠪᠠᠶᠢᠳᠠᠭ ᠢᠶᠠᠷ ᠪᠠᠷᠠᠬᠤ ᠦᠭᠡᠢ᠂ ᠪᠠᠰᠠ ᠲᠡᠶᠢᠮᠦ ᠣᠯᠠᠨ ᠰᠠᠶᠢᠨ ᠨᠡᠷᠡᠲᠦ ᠲᠡᠮᠳᠡᠭ ᠪᠠᠶᠢᠨ᠎ᠠ ᠭᠡᠳᠡᠭ ᠢ ᠦᠨᠡᠬᠡᠷ ᠪᠣᠳᠣᠵᠤ ᠣᠯᠣᠭᠰᠠᠨ ᠦᠭᠡᠢ᠃ ᠪᠢ ᠠᠳᠡ ᠠᠩᠬ᠎ᠠ ᠤᠳᠠᠭ᠎ᠠ ᠢᠷᠡᠵᠦ ᠰᠤᠷᠪᠤᠯᠵᠢᠯᠠᠵᠤ ᠪᠠᠶᠢᠭ᠎ᠠ ᠶᠤᠮ᠂ ᠥᠪᠥᠷ ᠮᠣᠩᠭᠤᠯ ᠤᠨ ᠬᠢᠨ ᠦᠨᠡᠬᠡᠷ ᠬᠥᠮᠥᠨ ᠢ ᠭᠠᠶᠢᠬᠠᠭᠤᠯᠤᠮ᠎ᠠ ᠪᠠᠶᠢᠨ᠎ᠠ︾ ᠭᠡᠵᠦ ᠰᠤᠷᠪᠤᠯᠵᠢᠯᠠᠬᠤ ᠪᠦᠯᠬᠦᠮ ᠤᠨ ᠭᠡᠰᠢᠭᠦᠳ ᠲᠤ ᠰᠡᠳᠬᠢᠯ ᠳᠣᠭᠳᠣᠯᠤᠨ ᠶᠠᠷᠢᠵᠤ ᠪᠠᠶᠢᠪᠠ᠃      7 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠵᠠᠭᠤᠨ ᠰᠤᠷᠪᠤᠯᠵᠢᠯᠠᠭᠴᠢ ᠶᠢᠨ ᠥᠪᠥᠷ ᠮᠣᠩᠭᠤᠯ ᠳᠠᠬᠢ ᠠᠶᠠᠯᠠᠯ — ᠨᠠᠷᠠᠲᠤ ᠲᠡᠮᠳᠡᠭ ᠤᠨ ᠥᠯᠢᠭᠡᠷ ᠤᠨ ᠲᠤᠬᠠᠢ ᠪᠢ ᠶᠠᠷᠢᠶ᠎ᠠ︾ ᠭᠡᠬᠦ ᠲᠣᠮᠣ ᠬᠡᠯᠪᠡᠷᠢ ᠶᠢᠨ ᠰᠣᠷᠪᠤᠯᠵᠢᠯᠠᠭ᠎ᠠ ᠶᠢᠨ ᠠᠵᠢᠯᠯᠠᠭ᠎ᠠ ᠰᠢᠯᠢ ᠶᠢᠨ ᠭᠤᠣᠯ ᠠᠶᠢᠮᠠᠭ ᠲᠤ ᠡᠬᠢᠯᠡᠪᠡ᠃ ᠲᠤᠰ ᠠᠵᠢᠯᠯᠠᠭ᠎ᠠ ᠳᠤ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠭᠤᠸᠠᠩᠮᠢᠩ ᠡᠳᠦᠷ ᠤᠨ ᠰᠣᠨᠢᠨ᠂ ᠫᠧᠩ ᠫᠠᠢ ᠰᠣᠨᠢᠨ ᠮᠡᠳᠡᠭᠡ᠂ ᠳᠤᠮᠳᠠᠳᠤ ᠤᠯᠤᠰ ᠤᠨ ᠢᠳᠡᠭᠡᠨ ᠤ ᠰᠣᠨᠢᠨ᠂ ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠤᠯᠠᠨ ᠭᠤᠣᠯ ᠵᠠᠭᠤᠴᠢᠯᠠᠭᠤᠷ ᠤᠨ ᠬᠢᠨ ᠢ ᠤᠷᠢᠵᠤ᠂ ᠤᠷᠢᠳ ᠬᠤᠵᠢᠳ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ ᠪᠣᠯᠣᠨ ᠪᠤᠭᠤᠲᠤ ᠬᠤᠳᠠ ᠳᠤ ᠭᠦᠨᠵᠡᠭᠡᠶᠢᠷᠡᠵᠦ ᠡᠯ᠎ᠡ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠤᠷᠪᠤᠯᠵᠢᠯᠠᠪᠠ᠃ ᠣᠳᠣᠬᠠᠨ ᠪᠣᠯᠲᠠᠯ᠎ᠠ᠂ ᠲᠥᠪ ᠤᠨ ᠵᠠᠭᠤᠴᠢᠯᠠᠭᠤᠷ ᠪᠣᠯᠣᠨ ᠥᠪᠥᠷ ᠮᠣᠩᠭᠤᠯ ᠤᠨ ᠡᠯ᠎ᠡ ᠵᠠᠭᠤᠴᠢᠯᠠᠭᠤᠷ ᠤᠨ ᠬᠢᠨ ᠨᠡᠶᠢᠳᠡ 221 ᠬᠤᠪᠢ ᠰᠣᠨᠢᠨ ᠮᠡᠳᠡᠭᠡᠨ ᠤ ᠮᠡᠳᠡᠭᠡᠯᠡᠯ ᠨᠡᠶᠢᠲᠡᠯᠡᠵᠦ᠂ ᠮᠡᠳᠡᠭᠡᠯᠡᠭᠰᠡᠨ  ᠲᠠᠮᠵᠢᠭᠳᠠᠬᠰᠠᠨ ᠬᠡᠮᠵᠢᠶ᠎ᠡ ᠨᠢ 2000 ᠲᠦᠮᠡᠨ ᠤᠳᠠᠭ᠎ᠠ ᠳᠤ ᠬᠦᠷᠴᠡᠢ᠃
97.1.png
      ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠰᠣᠷᠪᠣᠯᠵᠢᠯᠠᠭᠴᠢᠳ ᠤᠷᠢᠳ ᠬᠤᠵᠢᠳ ᠰᠢᠯᠢ ᠶᠢᠨ ᠭᠤᠣᠯ ᠤᠨ ᠪᠢᠰᠢᠯᠠᠭ᠂ ᠰᠢᠯᠢ ᠶᠢᠨ ᠭᠤᠣᠯ ᠤᠨ ᠬᠤᠨᠢᠨ ᠮᠢᠬ᠎ᠠ᠂ ᠤᠯᠠᠭᠠᠨᠴᠠᠪ ᠤᠨ ᠲᠥᠮᠥᠰᠥ᠂ ᠤᠯᠠᠭᠠᠨᠴᠠᠪ ᠤᠨ ᠨᠣᠬᠠᠢ ᠶᠢᠨ ᠬᠤᠰᠢᠭᠤ᠂ ᠭᠦᠶᠠᠩ ᠤᠨ ᠬᠤᠨᠴᠢᠷ᠂ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢ ᠵᠡᠷᠭᠡ 6 ᠨᠠᠷᠠᠲᠤ ᠲᠡᠮᠳᠡᠭ ᠶᠢ ᠭᠦᠨᠵᠡᠭᠡᠢ ᠰᠤᠷᠪᠤᠯᠵᠢᠯᠠᠪᠠ᠃ ᠰᠤᠷᠪᠤᠯᠵᠢᠯᠠᠭᠴᠢ ᠲᠠᠷᠢᠮᠠᠯ᠂ ᠲᠡᠵᠢᠭᠡᠨ ᠦᠷᠡᠵᠢᠭᠦᠯᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠠᠷᠠᠲᠤ ᠲᠡᠮᠳᠡᠭ ᠦᠢᠯᠡᠳᠬᠦᠨ ᠤ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠨ᠂ ᠨᠠᠷᠠᠲᠤ ᠲᠡᠮᠳᠡᠭ ᠦᠢᠯᠡᠳᠬᠦᠨ ᠤ ᠪᠣᠷᠤᠯᠠᠭᠤᠯᠭ᠎ᠠ ᠶᠢᠨ ᠲᠣᠣᠷ ᠴᠡᠭ ᠢ ᠲᠣᠭᠤᠷᠢᠨ ᠦᠵᠡᠵᠦ᠂ ᠪᠥᠬᠦ ᠣᠷᠣᠨ ᠪᠠᠶᠢᠷᠢ ᠠᠵᠤ ᠦᠢᠯᠡᠰ ᠤᠨ ᠬᠡᠯᠬᠢᠶ᠎ᠡ ᠪᠠᠷ ᠮᠠᠨ ᠤ ᠣᠷᠣᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠳᠠᠪᠠᠭᠤᠯᠢᠭ ᠢ ᠤᠬᠠᠭᠤᠯᠤᠨ ᠲᠠᠨᠢᠯᠴᠠᠭᠤᠯᠪᠠ᠃
97.2.png
      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠨᠠᠷᠠᠲᠤ ᠲᠡᠮᠳᠡᠭ ᠤᠨ ᠦᠵᠡᠯ ᠤᠬᠠᠮᠰᠠᠷ ᠢᠯᠡᠳᠲᠡ ᠴᠢᠩᠭᠠᠷᠠᠨ᠂ ᠨᠠᠷᠠᠲᠤ ᠲᠡᠮᠳᠡᠭ ᠤᠨ ᠲᠤᠭ᠎ᠠ ᠬᠡᠮᠵᠢᠶ᠎ᠡ ᠲᠦᠷᠭᠡᠨ ᠢᠶᠠᠷ ᠨᠡᠮᠡᠭᠳᠡᠵᠦ᠂ ᠨᠠᠷᠠᠲᠤ ᠲᠡᠮᠳᠡᠭ ᠤᠨ ᠦᠷ᠎ᠡ ᠠᠰᠢᠭ ᠢᠯᠡᠳᠲᠡ ᠳᠡᠭᠡᠭᠰᠢᠯᠡᠪᠡ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢ ᠵᠡᠷᠭᠡ 10 ᠤᠯᠤᠰ ᠤᠨ ᠲᠠᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠪᠠ ᠦᠴᠦᠸᠠᠨ ᠤ ᠶᠤᠤᠮᠠᠢ᠂ ᠤᠯᠠᠭᠠᠨᠬᠠᠳᠠ ᠶᠢᠨ ᠲᠥᠪᠡᠳ ᠬᠠᠰᠢ ᠵᠡᠷᠭᠡ 32 ᠥᠪᠡᠷᠲᠡᠭᠡᠨ ᠵᠠᠰᠠᠬᠤ ᠣᠷᠣᠨ ᠤ ᠲᠠᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠡᠭᠦᠳᠦᠨ ᠪᠠᠶᠢᠭᠤᠯᠪᠠ᠃ ᠰᠢᠯᠢ ᠶᠢᠨ ᠭᠤᠣᠯ ᠤᠨ ᠬᠤᠨᠢᠨ ᠮᠢᠬ᠎ᠠ᠂ ᠬᠤᠷᠴᠢᠨ ᠦᠬᠡᠷ  ᠤᠯᠠᠭᠠᠨᠬᠠᠳᠠ ᠶᠢᠨ ᠨᠠᠷᠢᠮᠤ ᠵᠡᠷᠭᠡ 11 ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ ︽ᠲᠠᠯ᠎ᠠ ᠨᠤᠲᠤᠭ ᠤᠨ ᠮᠢᠨ ᠹᠧᠩ ᠲᠥᠮᠥᠰᠥ︾ ︽ᠵᠢᠢ ᠪᠸᠢ ᠠᠮᠲᠠᠲᠤ ᠲᠤᠲᠤᠷᠭ᠎ᠠ︾ ᠵᠡᠷᠭᠡ 10 ᠠᠵᠤ ᠠᠬᠤᠶᠢᠯᠠᠯ ᠤᠨ ᠪᠦᠲᠦᠭᠡᠭᠳᠡᠬᠦᠨ ᠤ ᠨᠠᠷᠠᠲᠤ ᠲᠡᠮᠳᠡᠭ  ᠨᠢ ︽ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ︾ ᠲᠤ ᠵᠢᠭᠰᠠᠭᠠᠭᠳᠠᠪᠠ᠃ 59 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ᠂ 252 ᠠᠵᠤ ᠠᠬᠤᠶᠢᠯᠠᠯ ᠤᠨ ᠨᠠᠷᠠᠲᠤ ᠲᠡᠮᠳᠡᠭ᠂ 231 ᠦᠢᠯᠡᠳᠬᠦᠨ ᠤ ᠨᠠᠷᠠᠲᠤ ᠲᠡᠮᠳᠡᠭ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠭᠠᠷᠴᠠᠭ ᠲᠤ ᠵᠢᠭᠰᠠᠭᠠᠭᠳᠠᠪᠠ᠃ ᠤᠯᠠᠭᠠᠨᠴᠠᠪ ᠤᠨ ᠲᠥᠮᠥᠰᠥ᠂ ᠬᠤᠷᠴᠢᠨ ᠦᠬᠡᠷ᠂ ᠰᠢᠯᠢ ᠶᠢᠨ ᠭᠤᠣᠯ ᠬᠤᠨᠢ᠂ ᠠᠤᠬᠠᠨ ᠨᠠᠷᠢᠮᠤ ᠵᠡᠷᠭᠡ 4 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ  ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠨᠠᠷᠠᠲᠤ ᠲᠡᠮᠳᠡᠭ ᠤᠨ ᠰᠣᠳᠣᠨ ᠪᠦᠲᠦᠭᠡᠯ ᠢ ᠪᠣᠶᠢᠵᠢᠭᠤᠯᠬᠤ ᠨᠡᠷᠡᠰ ᠲᠤ ᠵᠢᠭᠰᠠᠭᠠᠭᠳᠠᠪᠠ᠃
97.3.png
97.4.png
      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠰᠣᠷᠪᠣᠯᠵᠢᠯᠠᠭᠴᠢᠳ ᠢ ᠵᠣᠬᠢᠶᠠᠨ ᠪᠠᠶᠢᠭᠤᠯᠤᠨ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠪᠣᠯᠣᠨ ᠠᠯᠠᠱᠠ ᠠᠶᠢᠮᠠᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠶᠢ ᠤᠬᠠᠭᠤᠯᠬᠤ ᠪᠠᠷ ᠪᠠᠶᠢᠨ᠎ᠠ᠃ ᠨᠠᠷᠠᠲᠤ ᠲᠡᠮᠳᠡᠭ ᠤᠨ ᠥᠯᠢᠭᠡᠷ ᠢ ᠰᠤᠷᠪᠤᠯᠵᠢᠯᠠᠭᠴᠢ ᠶᠠᠷᠢᠵᠤ ᠲᠣᠮᠣ ᠬᠡᠯᠪᠡᠷᠢ ᠶᠢᠨ ᠵᠠᠭᠤᠴᠢᠯᠠᠭᠤᠷ ᠢᠶᠠᠷ ᠤᠬᠠᠭᠤᠯᠬᠤ ᠠᠵᠢᠯᠯᠠᠭ᠎ᠠ  ᠨᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠮᠠᠯ ᠤᠨ ᠨᠠᠷᠠᠲᠤ ᠲᠡᠮᠳᠡᠭ ᠤᠨ ᠤᠯᠠᠮᠵᠢᠯᠠᠬᠤ ᠴᠢᠳᠠᠪᠤᠷᠢ ᠶᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠣᠯᠠᠨ ᠬᠡᠷᠡᠭᠯᠡᠭᠴᠢᠳ ᠢ ᠵᠠᠭᠤᠴᠢᠯᠠᠭᠤᠷ ᠢᠶᠠᠷ ᠳᠠᠮᠵᠢᠭᠤᠯᠤᠨ ︽ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠶᠢ ᠨᠠᠩ ᠢᠯᠡᠭᠦᠦ ᠪᠠᠭ᠋ᠠᠷᠬᠠᠬᠤ ᠪᠣᠯᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号