︽ᠲᠠᠷᠢᠶᠠᠯᠠᠩ ᠢ ᠬᠥᠭᠵᠢᠭᠦᠯᠵᠦ ᠮᠥᠩᠭᠦᠨ ᠭᠦᠢᠯᠭᠡᠭᠡ ᠪᠠᠷ ᠲᠠᠷᠢᠶᠠᠯᠠᠩ ᠢ ᠲᠤᠰᠠᠯᠠᠬᠤ︾︱ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠤ ᠥᠨᠳᠥᠷ ᠬᠡᠪ ᠪᠣᠯᠪᠠᠰᠤᠷᠠᠯ ᠲᠠᠢ ᠵᠠᠯᠠᠭᠤ ᠮᠠᠯᠴᠢᠨ ᠲᠠᠷᠢᠶᠠᠴᠢᠨ ᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠤᠷ᠎ᠠ ᠮᠡᠷᠭᠡᠵᠢᠯ ᠤᠨ ᠦᠵᠡᠭᠦᠯᠭᠡ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ︽ᠲᠠᠷᠢᠶᠠᠯᠠᠩ ᠢ ᠬᠥᠭᠵᠢᠭᠦᠯᠵᠦ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠲᠤᠰᠠᠯᠠᠬᠤ︾︱ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠤ ᠥᠨᠳᠥᠷ ᠬᠡᠪ ᠪᠣᠯᠪᠠᠰᠤᠷᠠᠯ ᠲᠠᠢ ᠵᠠᠯᠠᠭᠤ ᠮᠠᠯᠴᠢᠨ ᠲᠠᠷᠢᠶᠠᠴᠢᠨ ᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠤᠷ᠎ᠠ ᠮᠡᠷᠭᠡᠵᠢᠯ ᠤᠨ ᠦᠵᠡᠭᠦᠯᠭᠡ ᠶᠢᠨ ᠠᠵᠢᠯᠯᠠᠭ᠎ᠠ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ ᠵᠢᠩᠬᠢᠨᠢ ᠪᠠᠷ ᠡᠬᠢᠯᠡᠪᠡ᠃ 
图片1.png
       ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠳ ᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ᠂ ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠭᠤᠸᠠᠩ ᠴᠢᠩ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠯᠢᠦ ᠴᠤᠸ ᠵᠢᠴᠢ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠶᠡᠷᠦᠩᠬᠡᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠤᠳᠤᠷᠢᠳᠤᠯᠭ᠎ᠠ ᠨᠠᠷ ᠪᠠᠶᠢᠨ᠎ᠠ᠃      ᠲᠤᠰ ᠤᠳᠠᠭ᠎ᠠ ᠶᠢᠨ ᠠᠵᠢᠯᠯᠠᠭ᠎ᠠ ᠨᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ᠂ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ᠂ ᠲᠦᠷᠦᠭᠦᠴᠢ ᠬᠤᠨ ᠤ ᠲᠥᠯᠥᠪᠯᠡᠭᠡ ᠶᠢᠨ ᠳᠠᠭᠠᠭᠤᠯᠤᠭᠴᠢ ᠵᠡᠷᠭᠡ ᠶᠢᠨ ᠪᠣᠯᠪᠠᠰᠤᠷᠠᠯ ᠳᠤ ᠲᠦᠰᠢᠭᠯᠡᠵᠦ᠂ ᠪᠦᠬᠦ ᠣᠷᠣᠨ ᠤ 80 ᠨᠡᠷᠡᠰ ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠢ ᠰᠣᠩᠭᠤᠨ ᠭᠠᠷᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠣᠯᠣᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ᠂ ᠰᠢᠨ᠎ᠡ ᠴᠠᠭ ᠦᠶ᠎ᠡ ᠳᠤ ᠲᠠᠯᠠᠷᠬᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠶᠠᠪᠤᠭᠳᠠᠭᠤᠯᠵᠠᠢ᠃ 
图片2.png
       ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠦᠵᠡᠭᠦᠯᠭᠡ ᠳᠤ ᠣᠷᠣᠯᠴᠠᠭᠰᠠᠨ 20 ᠭᠠᠷᠤᠢ ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠤᠯᠡᠠ ᠠᠴᠠ ᠣᠷᠣᠶᠢᠯᠠᠬᠤ ︽ᠠᠷᠪᠠᠨ ᠨᠠᠢᠮᠠᠨ ᠵᠦᠢᠯ ᠤᠨ ᠤᠷ᠎ᠠ ᠮᠡᠷᠭᠡᠵᠢᠯ︾ ᠢᠶᠠᠨ ᠭᠠᠶᠢᠬᠠᠭᠤᠯᠵᠤ᠂ ᠴᠠᠭᠠᠰᠤᠨ ᠬᠠᠶᠢᠴᠢᠯᠠᠮᠠᠯ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠭᠦᠸᠧ ᠶᠦᠩ ᠽᠧᠩ ᠤᠨ ᠠᠪᠴᠢᠷᠠᠭᠰᠠᠨ ᠴᠠᠭᠠᠰᠤᠨ ᠬᠠᠶᠢᠴᠢᠯᠠᠮᠠᠯ ᠤᠨ ᠭᠠᠷ ᠤᠷᠠᠯᠠᠯ ᠤᠨ ᠪᠦᠲᠦᠭᠡᠭᠳᠡᠬᠦᠨ᠂ ᠥᠪᠥᠷ ᠮᠣᠩᠭᠤᠯ ᠤᠨ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠬᠡᠯ ᠤᠨ ᠰᠢᠯᠢᠳᠡᠭ ᠳᠠᠷᠬᠠᠨ ᠨᠡᠷᠡᠨ᠎ᠡ ᠶᠢᠨ ᠠᠪᠴᠢᠷᠠᠭᠰᠠᠨ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠴᠠᠭᠠᠨ ᠢᠳᠡᠭᠡᠨ ᠤ ᠦᠢᠯᠡᠳᠬᠡᠯ ᠤᠨ ᠮᠡᠷᠭᠡᠵᠢᠯ ᠵᠢᠴᠢ ᠲᠡᠮᠦᠷᠯᠢᠭ ᠤᠲᠠᠰᠤ ᠭᠦᠷᠦᠬᠦ ᠪᠠ ᠭᠤᠯᠢᠷ ᠰᠦᠯᠢᠶᠥᠦ ᠶᠢᠨ ᠦᠢᠯᠡᠳᠬᠡᠯ ᠤᠨ ᠤᠯᠠᠮᠵᠢᠯᠠᠭᠴᠢ ᠵᠢᠶᠠ ᠮᠣᠣ ᠲᠢᠶᠠᠨ ᠤ ᠠᠪᠴᠢᠷᠠᠭᠰᠠᠨ ᠲᠡᠮᠦᠷᠯᠢᠭ ᠤᠲᠠᠰᠤ ᠪᠠᠷ ᠭᠦᠷᠦᠭᠰᠡᠨ ᠭᠠᠷ ᠤᠷᠠᠯᠠᠯ ᠤᠨ ᠪᠦᠲᠦᠭᠡᠭᠳᠡᠬᠦᠨ᠂ ᠲᠠᠯ᠎ᠠ ᠨᠤᠲᠤᠭ ᠤᠨ ᠱᠦᠭᠦᠷ ᠰᠢᠰᠢ ᠶᠢᠨ ᠴᠢᠬᠢ ᠶᠢᠨ ᠭᠠᠷ ᠢᠶᠠᠷ ᠵᠣᠬᠢᠶᠠᠬᠤ ᠤᠷ᠎ᠠ ᠮᠡᠷᠭᠡᠵᠢᠯ᠂ ᠰᠠᠮᠵᠠ  ᠬᠢᠬᠦ ᠤᠷ᠎ᠠ ᠮᠡᠷᠭᠡᠵᠢᠯ᠂ ᠭᠠᠷ ᠢᠶᠠᠷ ᠨᠡᠬᠡᠬᠦ᠂ ᠮᠤᠰᠬᠢᠭᠤᠷ ᠰᠢᠳᠠᠮ ᠤᠨ ᠭᠠᠷ ᠤᠷᠠᠯᠠᠯ ᠤᠨ ᠪᠦᠲᠦᠭᠡᠭᠳᠡᠬᠦᠨ ᠤ ᠦᠵᠡᠭᠦᠯᠭᠡ ᠵᠡᠷᠭᠡ ᠪᠠᠶᠢᠵᠤ᠂ ᠲᠡᠳᠡᠨ ᠤ ᠠᠯᠳᠠᠷ ᠢ ᠪᠠᠭ᠋ᠠᠷᠬᠠᠵᠤ ᠬᠦᠷᠦᠯᠴᠡᠨ ᠢᠷᠡᠭᠰᠡᠨ ᠦᠵᠡᠭᠴᠢᠳ ᠮᠠᠰᠢ ᠤᠯᠠᠨ ᠪᠠᠶᠢᠯ᠎ᠠ᠃
图片3.png
       ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠤ ᠰᠢᠭᠤᠳ ᠨᠡᠪᠲᠡᠷᠡᠭᠦᠯᠭᠡ ᠶᠢᠨ ᠡᠩᠨᠡᠭᠡ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠰᠢᠭᠤᠳ ᠨᠡᠪᠲᠡᠷᠡᠭᠦᠯᠭᠡ ᠪᠠᠷ ᠲᠠᠷᠢᠶᠠᠯᠠᠩ ᠢ ᠲᠤᠰᠠᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ 6 ᠮᠠᠯᠴᠢᠨ ᠲᠠᠷᠢᠶᠠᠴᠢᠨ ᠤ ᠬᠥᠳᠡᠭᠡ ᠲᠣᠰᠬᠤᠨ ᠤ ᠭᠤᠣᠯ ᠨᠡᠪᠲᠡᠷᠡᠭᠦᠯᠭᠡ ᠶᠢᠨ ᠪᠦᠯᠬᠦᠮ ᠢ ᠰᠢᠯᠢᠳᠡᠭᠴᠢᠯᠡᠨ ᠰᠣᠩᠭᠤᠵᠤ ᠲᠤᠬᠠᠢ ᠶᠢᠨ ᠲᠠᠯᠠᠪᠤᠷ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠨ᠂ ᠡᠯ᠎ᠡ ᠲᠥᠷᠥᠯ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠨ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠥᠷᠭᠡᠳᠬᠡᠵᠦ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ 12 ᠰᠢᠨ᠎ᠡ ᠲᠠᠷᠢᠶᠠᠴᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠰᠢᠨ᠎ᠡ ᠴᠠᠭ ᠦᠶ᠎ᠡ ᠳᠤ ᠲᠠᠯᠠᠷᠬᠠᠬᠤ ᠭᠤᠣᠯ ᠰᠡᠳᠦᠪ ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠴᠠᠩ ᠱᠧᠩ ᠲᠣᠰᠬᠤᠨ ᠤ ᠨᠠᠮ ᠤᠨ ᠡᠭᠦᠷ ᠤᠨ ᠱᠦᠵᠢ ᠯᠦ ᠵᠢᠩ ᠹᠧᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠰᠣᠶᠣᠯ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠴᠠᠩ ᠱᠧᠩ ᠲᠣᠰᠬᠤᠨ ᠤ ᠮᠠᠯᠴᠢᠨ ᠲᠠᠷᠢᠶᠠᠴᠢᠨ ᠢ ᠳᠠᠭᠠᠭᠤᠯᠤᠨ ᠪᠠᠶᠠᠵᠢᠭᠰᠠᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠶᠠᠷᠢᠪᠠ᠃ ᠶᠡᠷᠡᠭᠡᠳ ᠣᠨ ᠠᠴᠠ ᠰᠡᠭᠦᠯᠡᠷ ᠨᠤᠲᠤᠭ ᠲᠠᠭᠠᠨ ᠪᠤᠴᠠᠭᠰᠠᠨ ᠣᠶᠤᠲᠠᠨ ᠭᠠᠴᠠᠭᠠᠨ ᠳᠠᠷᠤᠭ᠎ᠠ ᠯᠢᠶᠠᠩ ᠵᠦᠩ ᠱᠧᠩ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠪᠠ᠃ ᠱᠦᠭᠦᠷ ᠰᠢᠰᠢ ᠶᠢᠨ ᠴᠢᠬᠢ ᠶᠢᠨ ᠭᠠᠷ ᠢᠶᠠᠷ ᠵᠣᠬᠢᠶᠠᠬᠤ ᠤᠷ᠎ᠠ ᠮᠡᠷᠭᠡᠵᠢᠯ ᠤᠨ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢ ᠯᠢ ᠶᠠᠨ ᠯᠧᠢ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︱ᠱᠦᠭᠦᠷ ᠰᠢᠰᠢ ᠶᠢᠨ ᠴᠢᠬᠢ ᠶᠢᠨ ᠠᠵᠤ ᠦᠢᠯᠡᠰ ᠤᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠵᠠᠢ᠃      ᠠᠵᠢᠯᠯᠠᠭ᠎ᠠ ᠶᠢᠨ ᠳᠤᠮᠳᠠ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠠᠴᠠ ︽ᠰᠢᠨ ᠨᠤᠩ e ᠳ᠋ᠠᠢ︾ ᠶᠢᠨ ᠮᠠᠯᠴᠢᠨ ᠲᠠᠷᠢᠶᠠᠴᠢᠨ ᠳᠤ ᠲᠤᠰᠬᠠᠢ ᠬᠠᠷᠢᠶᠠᠯᠠᠭᠳᠠᠬᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠶᠢᠲᠡᠯᠡᠭᠰᠡᠨ ᠪᠥᠭᠡᠳ ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠤ ᠲᠥᠯᠥᠭᠡᠯᠡᠭᠴᠢᠳ ᠲᠤ ᠲᠤᠬᠠᠢ ᠶᠢᠨ ᠲᠠᠯᠠᠪᠤᠷ ᠲᠤ ᠢᠲᠡᠭᠡᠮᠵᠢᠲᠦ ᠵᠢᠭᠡᠯᠡᠯᠭᠡ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤᠯᠢᠭ ᠤᠰᠤ ᠨᠡᠮᠡᠷᠢᠯᠡᠪᠡ᠃
图片4.png
       ᠪᠣᠯᠪᠠᠰᠤᠷᠠᠯ ᠤᠨ ᠬᠢᠴᠢᠶᠡᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠮᠠᠨ ᠤ ᠣᠷᠣᠨ ᠤ ︽ᠣᠳᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ︾ ᠳᠤ ᠵᠠᠳᠠᠯᠤᠯᠲᠠ ᠬᠢᠵᠦ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠲᠤᠬᠠᠶᠢᠯᠠᠭᠰᠠᠨ ᠠᠵᠢᠯ ᠤᠨ ᠳᠠᠭᠠᠭᠠᠮᠠᠯ ︽ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ ᠲᠠᠨᠢᠯᠴᠠᠭᠤᠯᠭ᠎ᠠ︾᠂ ︽ᠰᠢᠶᠠᠨ ᠤ ᠬᠡᠪᠴᠢᠶᠡᠨ ᠤ ᠭᠤᠣᠯᠳᠠᠯᠭ᠎ᠠ ᠲᠠᠢ ᠬᠤᠪᠢ ᠬᠥᠮᠥᠨ ᠤ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ︾  ᠶᠢᠨ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠲᠤᠰᠠᠯᠠᠬᠤ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠭᠠᠢ ᡁᠢ ᠢ ︽ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠪᠠᠶᠢᠯᠳᠤᠬᠤ ᠪᠣᠳᠣᠯᠭ᠎ᠠ︾  ᠶᠢᠨ ᠲᠤᠬᠠᠢ ᠲᠠᠶᠢᠯᠤᠮᠵᠢ ᠬᠢᠪᠡ᠃
图片5.png
       ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠠᠢ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠰᠠᠶᠢᠨ ᠵᠣᠯᠭᠠᠭᠤᠯᠵᠤ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠬᠤ ᠲᠤᠭᠤᠷᠢᠨ ᠳᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠣᠯᠪᠠᠰᠤᠷᠠᠯ ᠤᠨ ᠬᠡᠪ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠣᠯᠪᠠᠰᠤᠷᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ︽ᠪᠣᠯᠪᠠᠰᠤᠷᠠᠯ + ᠮᠡᠷᠭᠡᠵᠢᠯ + ᠦᠵᠡᠭᠦᠯᠭᠡ︾ ᠶᠢᠨ ᠬᠡᠯᠪᠡᠷᠢ ᠶᠢ ᠠᠪᠴᠤ᠂ ᠨᠢᠭᠡ ᠪᠦᠯᠦᠭ ᠵᠢᠱᠢᠶ᠎ᠡ ᠦᠵᠡᠭᠦᠯᠬᠦ ᠴᠢᠨᠠᠷᠲᠠᠢ ᠨᠡᠶᠢᠲᠡᠯᠢᠭ ᠦᠨᠳᠦᠷ ᠬᠡᠪ ᠴᠢᠨᠠᠷ ᠪᠦᠬᠦᠢ ᠵᠠᠯᠠᠭᠤ ᠮᠠᠯᠴᠢᠨ ᠲᠠᠷᠢᠶᠠᠴᠢᠨ ᠤ ᠲᠥᠯᠥᠭᠡᠯᠡᠭᠴᠢ ᠶᠢ ᠠᠭᠤᠳᠠᠯᠤᠨ ᠲᠡᠳᠬᠦᠵᠦ ᠪᠣᠶᠢᠵᠢᠭᠤᠯᠤᠨ᠂ ᠮᠠᠨ ᠤ ᠣᠷᠣᠨ ᠤ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠬᠡᠪ ᠴᠢᠨᠠᠷ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠮᠠᠨ ᠤ ᠣᠷᠣᠨ ᠤ ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠤ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠮᠠᠨ ᠤ ᠣᠷᠣᠨ ᠤ ᠥᠨᠳᠥᠷ ᠬᠡᠪ ᠪᠣᠯᠪᠠᠰᠤᠷᠠᠯ ᠲᠠᠢ ᠵᠠᠯᠠᠭᠤ ᠮᠠᠯᠴᠢᠨ ᠲᠠᠷᠢᠶᠠᠴᠢᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠢ ᠪᠠᠶᠠᠵᠢᠯ ᠤᠨ ᠵᠠᠮ ᠢᠶᠠᠷ ᠵᠠᠮᠨᠠᠭᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号