ᠣᠯᠠᠨ ᠤ ᠠᠩᠬᠠᠷᠤᠯ ᠢ ᠲᠠᠲᠠᠭᠰᠠᠨ ︽ᠦᠪᠦᠷ ᠮᠣᠩᠭᠤᠯ︾ ᠲᠡᠮᠳᠡᠭᠳᠦ ᠲᠠᠯ᠎ᠠ ᠨᠤᠲᠤᠭ ᠤᠨ ᠰᠢᠯᠢᠳᠡᠭ | ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ 8 ᠰᠠᠷ᠎ᠠ ᠶᠢᠨ 28 ᠤ ᠡᠳᠦᠷ ᠪᠡᠭᠡᠵᠢᠩ ᠳᠤ ᠦᠪᠡᠳᠡᠭᠰᠢ | ᠶᠡᠭᠡ ᠪᠠᠷ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠭᠡᠵᠢᠩ ᠳᠤ | ᠰᠠᠭᠤᠭ᠎ᠠ ᠠᠯᠪᠠᠨ ᠭᠡᠷ᠂ ᠤᠯᠤᠰ ᠤᠨ ᠠᠷᠠᠯᠵᠢᠶᠠᠨ ᠤ ᠪᠦᠯᠦᠭᠯᠡᠯ ᠵᠡᠷᠭᠡ ᠨᠢᠭᠡᠴᠡ ᠠᠴᠠ ᠬᠠᠮᠲᠤᠷᠠᠨ ᠡᠷᠭᠢᠯᠡᠵᠦ᠂ | ᠨᠠᠷᠠᠲᠤ ᠲᠡᠮᠳᠡᠭᠲᠦ ᠶᠢᠨ ᠭᠡᠷᠡᠴᠢᠯᠡᠯ ᠪᠠ ᠲᠠᠨᠢᠯᠴᠠᠭᠤᠯᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠣᠬᠢᠷᠲᠤᠯ | ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ | ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠸᠧᠢ ᠭᠦᠸᠧ ᠨᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠠᠵᠢᠯᠯᠠᠭ᠎ᠠ ᠳᠤ ᠣᠷᠣᠯᠴᠠᠵᠠᠢ᠃ | | | | | ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ︽ᠭᠡᠷᠡᠴᠢᠯᠡᠯᠲᠡ ᠪᠠᠷ ᠵᠢᠩᠬᠢᠨᠢ ᠪᠦᠲᠦᠭᠡᠭᠳᠡᠬᠦᠨ ᠢ | ᠰᠣᠩᠭᠤᠵᠤ ᠨᠠᠷᠠᠲᠤ ᠲᠡᠮᠳᠡᠭᠲᠦ ᠪᠠᠷ ᠬᠥᠭᠵᠢᠯᠲᠡ ᠶᠢ ᠠᠬᠢᠭᠤᠯᠬᠤ︾ ᠭᠡᠬᠦ ᠪᠠᠷ ᠭᠤᠣᠯ ᠰᠡᠳᠦᠪ ᠪᠣᠯᠭᠠᠵᠤ᠂ ᠥᠪᠥᠷ | ᠮᠣᠩᠭᠤᠯ ᠠᠴᠠ ᠢᠷᠡᠭᠰᠡᠨ ᠮᠠᠰᠢ ᠣᠯᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠠᠷᠠᠲᠤ ᠲᠡᠮᠳᠡᠭᠲᠦ ᠬᠤᠷᠠᠮᠳᠤᠭᠰᠠᠨ ᠪᠠᠶᠢᠨ᠎ᠠ᠃ ᠸᠧᠢ ᠭᠦᠸᠧ ᠨᠠᠨ ᠪᠠᠶᠠᠷ ᠤᠨ ᠦᠭᠡ | ᠬᠡᠯᠡᠬᠦ ᠳᠡᠭᠡᠨ᠂ ︽ᠦᠪᠦᠷ ᠮᠣᠩᠭᠤᠯ︾ ᠲᠡᠮᠳᠡᠭᠳᠦ ᠪᠠᠷ ᠭᠡᠷᠡᠴᠢᠯᠡᠭᠰᠡᠨ ᠪᠦᠲᠦᠭᠡᠭᠳᠡᠬᠦᠨ ᠨᠢ ᠳᠠᠷᠤᠢ ︽ᠦᠪᠦᠷ ᠮᠣᠩᠭᠤᠯ︾ | ᠲᠡᠮᠳᠡᠭᠳᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠮᠥᠨ᠂ ᠥᠭᠡᠷ᠎ᠡ ᠪᠠᠷ ᠬᠡᠯᠡᠪᠡᠯ ᠥᠪᠥᠷ ᠮᠣᠩᠭᠤᠯ ᠤᠨ | ᠰᠢᠯᠢᠳᠡᠭ ᠪᠦᠲᠦᠭᠡᠭᠳᠡᠬᠦᠨ᠂ ᠲᠡᠭᠦᠰ ᠪᠦᠲᠦᠭᠡᠭᠳᠡᠭᠦᠨ ᠮᠥᠨ᠂ ᠪᠠᠰᠠ ᠴᠤ ᠥᠪᠥᠷ ᠮᠣᠩᠭᠤᠯ ᠤᠨ ᠨᠠᠷᠠᠲᠤ ᠲᠡᠮᠳᠡᠭᠲᠦ | ᠪᠠ ᠨᠡᠷ᠎ᠡ ᠶᠢᠨ ᠬᠠᠭᠤᠳᠠᠰᠤ ᠮᠥᠨ᠃ ᠣᠳᠣᠬᠠᠨ ᠳᠤ᠂ ᠥᠪᠥᠷ ᠮᠣᠩᠭᠤᠯ ᠶᠠᠭ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠵᠤ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠪᠤᠢ᠂ ᠡᠨᠡ ᠨᠢ ᠡᠯ᠎ᠡ ᠭᠠᠵᠠᠷ᠂ ᠡᠯ᠎ᠡ ᠡᠲᠡᠭᠡᠳ ᠤᠨ | ᠨᠠᠶᠢᠵᠠ ᠨᠠᠷ ᠤᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠡᠯ᠎ᠡ ᠡᠲᠡᠭᠡᠳ ᠤᠨ ᠨᠠᠶᠢᠵᠠ ᠨᠠᠷ ᠢ | ᠤᠷᠢᠵᠤ ᠥᠪᠥᠷ ᠮᠣᠩᠭᠤᠯ ᠳᠤ ᠠᠩᠬᠠᠷᠤᠯ ᠢᠶᠠᠨ ᠬᠠᠨᠳᠤᠭᠤᠯᠵᠤ᠂ ᠥᠪᠥᠷ ᠮᠣᠩᠭᠤᠯ ᠳᠤ ᠣᠴᠢᠵᠤ᠂ ᠥᠪᠥᠷ | ᠮᠣᠩᠭᠤᠯ ᠳᠤ ᠪᠡᠯᠡ ᠣᠷᠣᠭᠤᠯᠵᠤ᠂ ᠬᠠᠮᠲᠤᠪᠠᠷ ᠠᠳᠠᠯ ᠦᠢᠯᠡᠰ ᠪᠣᠰᠬᠠᠵᠤ᠂ ᠬᠠᠮᠲᠤᠪᠠᠷ ᠬᠥᠭᠵᠢᠵᠦ᠂ ᠬᠠᠮᠲᠤᠪᠠᠷ | ᠳᠠᠪᠰᠢᠵᠤ᠂ ︽ᠮᠢᠩᠭᠠᠨ ᠭᠠᠵᠠᠷ ᠲᠠᠯ᠎ᠠ ᠨᠤᠲᠤᠭ᠂ ᠲᠦᠮᠡᠨ ᠾᠧᠺᠲᠷ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ | ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠶᠢ ᠪᠦᠬᠦ ᠳᠡᠯᠡᠬᠡᠢ ᠳᠤ ᠠᠯᠳᠠᠷᠰᠢᠭᠤᠯᠤᠶ᠎ᠠ ᠭᠡᠵᠦ ᠬᠦᠰᠡᠵᠦ | ᠪᠠᠶᠢᠨ᠎ᠠ︕ | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠣᠯᠠᠨ ᠴᠢᠬᠤᠯᠠ ᠭᠤᠭᠴᠤᠭ᠎ᠠ ᠶᠢ ᠳᠡᠰ ᠳᠠᠷᠠᠭᠠᠯᠠᠨ | ᠶᠠᠪᠤᠭᠳᠠᠭᠤᠯᠵᠤ᠂ ︽ᠦᠪᠦᠷ ᠮᠣᠩᠭᠤᠯ︾ ᠲᠡᠮᠳᠡᠭᠳᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠠᠵᠤ | ᠠᠬᠤᠶᠢᠯᠠᠯ ᠤᠨ ᠨᠠᠷᠠᠲᠤ ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ᠂ ︽︿ᠦᠪᠦᠷ ᠮᠣᠩᠭᠤᠯ﹀ ᠲᠡᠮᠳᠡᠭᠳᠦ | ᠨᠠᠷᠠᠲᠤ ᠲᠡᠮᠳᠡᠭᠲᠦ ᠶᠢᠨ ᠬᠥᠭᠵᠢᠯᠲᠡ ᠶᠢᠨ ᠬᠥᠬᠡ ᠭᠠᠳᠠᠷᠲᠤ ᠪᠢᠴᠢᠭ︾ ᠢ ᠨᠡᠶᠢᠲᠡᠯᠡᠬᠦ᠂ ︽ᠦᠪᠦᠷ ᠮᠣᠩᠭᠤᠯ︾ | ᠲᠡᠮᠳᠡᠭᠳᠦ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠦᠨᠡᠯᠡᠯᠲᠡ ᠶᠢ ᠨᠡᠶᠢᠲᠡᠯᠡᠬᠦ ᠵᠡᠷᠭᠡ ᠶᠢ ᠪᠠᠭᠲᠠᠭᠠᠭᠰᠠᠨ ᠪᠠᠶᠢᠨ᠎ᠠ᠃ | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠠᠷᠠᠳ ᠤᠨ ᠰᠦᠯᠵᠢᠶ᠎ᠡ ᠶᠢᠨ ︽ᠦᠪᠦᠷ ᠮᠣᠩᠭᠤᠯ︾ ᠲᠡᠮᠳᠡᠭᠳᠦ ᠲᠠᠯ᠎ᠠ | ᠨᠤᠲᠤᠭ ᠤᠨ ᠰᠢᠯᠢᠳᠡᠭ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠲᠠᠪᠴᠠᠩ ᠵᠢᠩᠬᠢᠨᠢ ᠪᠠᠷ ᠡᠬᠢᠯᠡᠵᠦ᠂ ᠲᠣᠰ | ᠲᠠᠪᠴᠠᠩ ᠨᠢ ᠠᠷᠠᠳ ᠤᠨ ᠰᠦᠯᠵᠢᠶ᠎ᠡ ᠶᠢᠨ ᠬᠦᠴᠦᠷᠬᠡᠭ ᠶᠡᠭᠡ ᠨᠥᠯᠥᠭᠡᠯᠡᠬᠦ ᠬᠦᠴᠦᠨ ᠪᠠ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠳᠤ ᠪᠥᠬᠦ ᠲᠠᠯ᠎ᠠ ᠶᠢᠨ᠂ ᠣᠯᠠᠨ ᠠᠷᠭ᠎ᠠ ᠵᠠᠮ ᠤᠨ ᠤᠬᠠᠭᠤᠯᠭ᠎ᠠ ᠪᠠ ᠳᠡᠯᠭᠡᠷᠡᠭᠦᠯᠦᠯᠲᠡ ᠶᠢᠨ | ᠦᠢᠯᠡᠴᠢᠯᠡᠭᠡ ᠬᠠᠩᠭᠠᠵᠤ᠂ ᠥᠪᠥᠷ ᠮᠣᠩᠭᠤᠯ ᠤᠨ ᠨᠠᠩ ᠣᠯᠠᠨ ᠰᠠᠶᠢᠨ ᠪᠦᠲᠦᠭᠡᠭᠳᠡᠬᠦᠨ ᠢ ᠪᠥᠬᠦ ᠤᠯᠤᠰ᠂ ᠳᠡᠯᠡᠬᠡᠢ | ᠳ᠋ᠠᠬᠢᠨ ᠳᠤ ᠬᠠᠨᠳᠤᠬᠤ ᠳᠤ ᠬᠦᠴᠦᠨ ᠨᠡᠮᠡᠷᠢᠯᠡᠬᠦ ᠪᠣᠯᠣᠨ᠎ᠠ᠃ | | | | | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠡᠯ᠎ᠡ ᠲᠠᠯ᠎ᠠ ᠶᠢᠨ ᠬᠦᠴᠦᠨ ᠲᠠᠢ ᠭᠠᠷ ᠬᠤᠯᠪᠣᠨ᠂ ︽ᠦᠪᠦᠷ | ᠮᠣᠩᠭᠤᠯ︾ ᠲᠡᠮᠳᠡᠭᠳᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠣᠶᠢᠵᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠨᠠᠷᠠᠲᠤ ᠲᠡᠮᠳᠡᠭᠲᠦ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢᠨ | ᠲᠣᠭᠲᠠᠴᠠ ᠪᠠ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠥᠪᠥᠷ ᠮᠣᠩᠭᠤᠯ ᠤᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ︽ᠤᠮᠠᠷᠠᠲᠤ ᠬᠢᠯᠢ ᠶᠢᠨ | ᠨᠠᠷᠠᠲᠤ ᠲᠡᠮᠳᠡᠭᠲᠦ ᠶᠢᠨ ᠬᠤᠲᠠ︾ ᠶᠢ ᠴᠢᠷᠮᠠᠶᠢᠨ ᠴᠣᠭᠴᠠᠯᠠᠨ᠎ᠠ᠃ |