ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠳᠡ ᠵᠢᠴᠢ ᠵᠢᠷᠭᠤᠭᠠᠨ ᠠᠬᠢᠭᠤᠯᠬᠤ ᠳᠦᠷᠢᠮ ᠢ ᠠᠬᠢᠭᠤᠯᠤᠭᠰᠠᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠳᠡ ᠵᠢᠴᠢ ᠵᠢᠷᠭᠤᠭᠠᠨ ᠠᠬᠢᠭᠤᠯᠬᠤ ᠳᠦᠷᠢᠮ ᠢ ᠠᠬᠢᠭᠤᠯᠤᠭᠰᠠᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠸᠠᠩ ᠫᠢᠩ ᠭᠤᠣᠯ ᠰᠡᠳᠦᠪ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠠᠨ ᠢᠦᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠺᠠᠩ ᠢᠦᠢ ᠹᠧᠩ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠢ ᠯᠢᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠤᠤ ᠶᠦᠩ ᠰᠢᠶᠠᠩ ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠭᠦᠸᠧ ᠵᠧᠦ ᠮᠢᠩ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠳᠠᠷᠤᠭ᠎ᠠ ᠴᠧᠨ ᠵᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠠᠢᠮᠠᠳᠤᠭᠠᠷ ᠲᠠᠪᠤᠨ ᠵᠢᠯ︾ ᠤᠨ          ᠬᠠᠤᠯᠢ ᠲᠦᠭᠡᠮᠡᠯᠵᠢᠭᠦᠯᠦᠯᠳᠡ ᠵᠢᠴᠢ ᠵᠢᠷᠭᠤᠭᠠᠨ ᠠᠬᠢᠭᠤᠯᠬᠤ ᠳᠦᠷᠢᠮ ᠢ ᠠᠬᠢᠭᠤᠯᠤᠭᠰᠠᠨ          ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ          ᠠᠰᠠᠭᠤᠯᠲᠠ ᠶᠢ ᠬᠠᠷᠢᠭᠤᠯᠪᠠ      ᠳᠤᠮᠳᠠᠳᠤ ᠤᠯᠤᠰ ᠤᠨ ᠰᠦᠯᠵᠢᠶ᠎ᠡ ᠶᠢᠨ ᠰᠤᠷᠪᠤᠯᠵᠢᠯᠠᠭᠴᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠬᠠᠤᠯᠢ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠤᠤ ᠶᠦᠩ ᠰᠢᠶᠠᠩ᠄ ᠡᠨᠡᠬᠦ ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠨᠢᠳᠤᠨᠤᠨ ᠤ 9 ᠰᠠᠷ᠎ᠠ ᠳᠤ ︽ᠳᠦᠷᠢᠮ︾ ᠢ ᠬᠡᠷᠡᠭᠵᠢᠭᠦᠯᠦᠭᠰᠡᠨ ᠠᠴᠠ ᠨᠠᠭᠠᠰᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠭᠤᠣᠯᠳᠠᠭᠤ ᠬᠤᠶᠠᠷ ᠲᠠᠯ᠎ᠠ ᠶᠢᠨ ᠠᠵᠢᠯ ᠢ ᠰᠠᠶᠢᠲᠤᠷ ᠠᠳᠬᠤᠪᠠ᠄      ᠨᠢᠭᠡ ᠲᠠᠯ᠎ᠠ ᠪᠠᠷ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠡᠷᠴᠢᠮ ᠢ ᠴᠢᠩᠭᠠᠷᠠᠭᠤᠯᠪᠠ᠃ ᠨᠢᠭᠡ ᠳᠤ ︽ᠳᠦᠷᠢᠮ︾ ᠢ ᠺᠠᠳ᠋ᠷ ᠤᠨ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ᠂ ᠲᠤᠰᠬᠠᠢ ᠮᠡᠷᠭᠡᠵᠢᠯᠲᠡᠨ ᠢ ᠤᠷᠢᠵᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠯᠭᠡᠵᠦ᠂ 7 ᠲᠠᠯᠠᠪᠤᠷ ᠪᠣᠯᠪᠠᠰᠤᠷᠠᠯ ᠢ ᠵᠣᠬᠢᠶᠠᠨ ᠪᠠᠶᠢᠭᠤᠯᠪᠠ᠃ ᠬᠤᠶᠠᠷ ᠲᠤ ᠦᠨᠳᠦᠰᠦᠨ ᠱᠠᠲᠤᠨ ᠳᠤ ᠣᠴᠢᠬᠤ ᠶᠢ ᠵᠣᠬᠢᠶᠠᠨ ᠪᠠᠶᠢᠭᠤᠯᠤᠨ᠂ ᠠᠵᠢᠯ ᠦᠢᠯᠡᠰ ᠤᠨ ᠠᠵᠢᠯᠯᠠᠭ᠎ᠠ ᠥᠷᠨᠢᠭᠦᠯᠵᠦ᠂ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠵᠢᠴᠢ ᠮᠠᠯᠴᠢᠨ ᠲᠠᠷᠢᠶᠠᠴᠢᠨ ᠳᠤ ᠲᠤᠰᠬᠠᠢ ᠳᠡᠪᠲᠡᠷ᠂ ᠤᠬᠠᠭᠤᠯᠭ᠎ᠠ ᠶᠢᠨ ᠳᠡᠪᠲᠡᠷ 1 ᠲᠦᠮᠡ ᠭᠠᠷᠤᠢ ᠬᠤᠪᠢ ᠳᠠᠷᠬᠠᠭᠠᠪᠠ᠃ ᠭᠤᠷᠪᠠ ᠳᠤ ᠰᠤᠨᠢᠨ ᠮᠡᠳᠡᠭᠡᠨ ᠤ ᠵᠠᠭᠤᠴᠢᠯᠠᠭᠤᠷ ᠤᠨ ᠬᠢᠨ  ᠳᠤ  ︽ᠳᠦᠷᠢᠮ︾ ᠤᠨ ᠭᠤᠣᠯᠳᠠᠯᠭ᠎ᠠ ᠲᠠᠢ ᠠᠭᠤᠯᠭ᠎ᠠ ᠶᠢ ᠨᠡᠶᠢᠲᠡᠯᠡᠵᠦ᠂ ᠪᠥᠬᠦ ᠲᠠᠯ᠎ᠠ ᠪᠠᠷ ᠣᠯᠠᠨ ᠲᠠᠯ᠎ᠠ ᠠᠴᠠ ᠲᠠᠶᠢᠯᠤᠮᠵᠢ ᠬᠢᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠨᠥᠭᠦᠭᠡ ᠲᠠᠯ᠎ᠠ ᠪᠠᠷ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠪᠠ᠃ ᠣᠨ ᠤ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ 156 ᠵᠦᠢᠯ ᠤᠨ ᠪᠣᠳᠠᠲᠠᠢ ᠡᠭᠦᠷᠭᠡ ᠪᠣᠯᠭᠠᠨ ᠨᠠᠷᠢᠯᠢᠭᠵᠢᠭᠤᠯᠤᠨ ᠬᠤᠪᠢᠶᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠷ᠎ᠠ ᠪᠠᠷ ᠲᠣᠬᠢᠷᠠᠭᠤᠯᠤᠨ ᠠᠬᠢᠭᠤᠯᠪᠠ᠃ ︽ᠳᠦᠷᠢᠮ︾ ᠢ ᠬᠡᠷᠡᠭᠵᠢᠭᠦᠯᠦᠭᠰᠡᠨ ᠠᠴᠠ ᠨᠠᠭᠠᠰᠢ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠶᠤᠯᠭᠦᠢ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃ ᠡᠨᠡ ᠨᠢ ᠭᠤᠣᠯᠳᠠᠭᠤ ᠲᠠᠪᠤᠨ ᠲᠦᠷᠭᠡᠳᠭᠡᠬᠦ ᠳᠡᠭᠡᠷ᠎ᠡ ᠢᠯᠡᠷᠡᠵᠦ ᠪᠠᠶᠢᠨ᠎ᠠ᠄      ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠪᠡ᠃ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 1.14 ᠳ᠋ᠦᠩᠰᠢᠭᠤᠷ ᠮᠦ ᠳᠤ ᠬᠦᠷᠴᠦ᠂ ᠤᠯᠤᠰ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 1000 ᠲᠦᠮᠡᠨ ᠮᠦ ᠠᠴᠠ ᠳᠡᠭᠡᠭᠰᠢ ᠪᠠᠶᠢᠭᠤᠯᠪᠠ᠃ ᠮᠢᠬᠠᠨ ᠤ ᠲᠥᠷᠥᠯ ᠤᠨ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠠᠯᠠᠰᠢᠨ ᠦᠬᠡᠷ ᠠᠯᠠᠰᠢᠨ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢ 276 ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠳᠡᠭᠡᠷ᠎ᠡ ᠬᠠᠭᠠᠰ ᠵᠢᠯ ᠳᠤ ᠭᠤᠣᠯ ᠪᠣᠯᠬᠤ ᠮᠢᠬᠠᠨ ᠤ ᠲᠥᠷᠥᠯ ᠤᠨ ᠭᠠᠷᠤᠯᠲᠠ 102 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.3% ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 282.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ᠃ ᠲᠡᠵᠢᠭᠡᠯ ᠡᠪᠡᠰᠦ ᠪᠣᠷᠳᠤᠭ᠎ᠠ ᠶᠢᠨ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ 1753 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠶᠢ ᠳᠠᠷᠢᠪᠠ᠃      ᠬᠤᠶᠠᠷ ᠲᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠲᠦᠷᠭᠡᠪᠴᠢᠯᠡᠨ ᠪᠠᠬᠢᠵᠢᠭᠦᠯᠪᠡ᠃ 710 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 2130 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠡᠭᠦᠷᠭᠡ ᠶᠢ ᠪᠡᠶᠡᠯᠡᠭᠦᠯᠵᠦ᠂ 3 ᠤᠯᠤᠰ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ ᠵᠥᠪᠰᠢᠶᠡᠷᠡᠨ ᠪᠦᠲᠦᠭᠡᠨ ᠪᠠᠶᠢᠭᠤᠯᠵᠤ᠂ 50 ᠲᠦᠮᠡᠨ ᠮᠦ ᠰᠢᠨ᠎ᠡ ᠪᠠᠷ ᠨᠡᠮᠡᠭᠳᠡᠭᠦᠯᠦᠨ ᠵᠠᠰᠠᠬᠤ ᠶᠢ ᠳᠠᠶᠢᠴᠢᠯᠠᠪᠠ᠃ ᠦᠷ᠎ᠡ ᠶᠢᠨ ᠦᠢᠯᠡᠰ ᠤᠨ ᠬᠥᠭᠵᠢᠯ ᠮᠠᠨᠳᠤᠯᠲᠠ ᠶᠢ ᠦᠷᠭᠦᠯᠵᠢᠯᠡᠨ ᠠᠬᠢᠭᠤᠯᠵᠤ᠂ ᠦᠬᠡᠷ ᠬᠤᠨᠢᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ ᠶᠢᠨ ᠲᠤᠭ᠎ᠠ ᠪᠦᠬᠦ ᠤᠯᠤᠰ ᠤᠨ ᠲᠡᠷᠢᠭᠦᠨ ᠳᠤ ᠣᠷᠣᠵᠤ᠂ 60 ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠳᠡᠯᠭᠡᠨ ᠦᠵᠡᠭᠦᠯᠬᠦ ᠲᠠᠯᠠᠪᠠᠢ 7000 ᠮᠦ ᠶᠢ ᠳᠠᠪᠠᠵᠤ᠂ ᠲᠠᠷᠢᠶᠠᠴᠢᠳ ᠢ ᠬᠠᠪᠰᠤᠷᠤᠨ ᠰᠠᠶᠢᠨ ᠡᠭᠦᠯᠳᠡᠷ ᠰᠣᠩᠭᠤᠵᠤ᠂ ᠤᠨᠠᠯᠲᠠ ᠶᠢ ᠨᠢ ᠳᠡᠭᠡᠭᠰᠢᠯᠡᠭᠦᠯᠵᠦ᠂ ᠣᠷᠣᠯᠭ᠎ᠠ ᠶᠢ ᠨᠢ ᠨᠡᠮᠡᠭᠳᠡᠭᠦᠯᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠠᠰᠤᠷᠠᠯᠲᠠ ᠦᠭᠡᠢ ᠬᠦᠴᠦᠯᠡᠵᠦ᠂ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ᠂ ᠰᠦ ᠰᠠᠭᠠᠯᠢ ᠶᠢᠨ ᠰᠢᠨ᠎ᠡ ᠶᠢ ᠡᠭᠦᠳᠬᠦ ᠲᠥᠪ᠂ ᠡᠬᠡ ᠨᠣᠣᠷᠠᠭ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠢ ᠰᠠᠶᠢᠲᠤᠷ ᠪᠠᠶᠢᠭᠤᠯᠵᠤ᠂ ︽ᠮᠧᠩ ᠨᠤᠩ ᠴᠤᠸᠠᠩ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠦᠢᠯᠡᠴᠢᠯᠡᠭᠡᠨ ᠤ ᠵᠠᠭᠪᠤᠷ ᠢ ᠠᠩᠬ᠎ᠠ ᠡᠭᠦᠳᠴᠦ᠂ ᠲᠠᠷᠢᠶᠠᠯᠠᠩ ᠤᠨ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃      ᠭᠤᠷᠪᠠ ᠳᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢ ᠲᠦᠷᠭᠡᠪᠴᠢᠯᠡᠨ ᠴᠢᠩᠭᠠᠷᠠᠭᠤᠯᠪᠠ᠃ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ 1 ᠤᠯᠤᠰ ᠤᠨ ᠲᠠᠰ ᠤᠨ ᠠᠵᠤ ᠦᠢᠯᠡᠰ ᠤᠨ ᠪᠦᠯᠦᠭᠯᠡᠯ᠂ 2 ᠠᠵᠤ ᠦᠢᠯᠡᠰ ᠤᠨ ᠬᠦᠷᠢᠶᠡᠯᠡᠩ᠂ 8 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ ᠡᠭᠦᠳᠦᠨ ᠪᠠᠶᠢᠭᠤᠯᠪᠠ᠃ 13 ᠤᠯᠤᠰ ᠤᠨ ᠲᠠᠰ ᠤᠨ ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠶᠡᠷᠦᠩᠬᠡᠢ ᠲᠤᠭ᠎ᠠ ᠨᠢ 72 ᠪᠣᠯᠪᠠ᠃ 124 ᠰᠢᠨ᠎ᠡ ᠪᠠᠷ ᠣᠷᠣᠭᠤᠯᠤᠨ ᠠᠪᠴᠢᠷᠠᠭᠰᠠᠨ ᠭᠤᠣᠯᠳᠠᠯᠭ᠎ᠠ ᠲᠠᠢ ᠡᠳ᠋ᠰᠢᠭᠦᠯᠬᠦ ᠲᠥᠷᠥᠯ ᠵᠦᠢᠯ ᠪᠠᠶᠢᠵᠤ᠂ ᠲᠣᠭᠲᠠᠭᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 1214 ᠪᠣᠯᠪᠠ᠃ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ 6 ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠬᠤ ᠲᠥᠪ ᠲᠤ ᠰᠢᠨ᠎ᠡ ᠪᠠᠷ ᠫᠠᠶᠢᠰᠠ ᠡᠯᠭᠦᠨ᠂ ᠡᠨᠡ ᠵᠢᠯ ᠠᠴᠠ ᠨᠠᠭᠠᠰᠢ᠂ ︽ᠦᠪᠦᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠪᠣᠷᠤᠯᠠᠭᠤᠯᠭ᠎ᠠ 217 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠬᠤᠶᠠᠷ ᠳᠠᠬᠢᠨ ᠰᠢᠬᠠᠮ ᠨᠡᠮᠡᠭᠳᠡᠵᠡᠢ᠃      ᠳᠥᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠰᠢᠯᠢᠳᠡᠭᠵᠢᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ1.9 ᠲᠦᠮᠡ ᠳᠤ ᠬᠦᠷᠴᠦ᠂ ᠦᠢᠯᠡᠴᠢᠯᠡᠭᠡᠨ ᠤ ᠲᠠᠯᠠᠪᠠᠶ 3000 ᠲᠦᠮᠡᠨ ᠮᠦ ᠶᠢ ᠳᠠᠪᠠᠭ᠋ᠤ ᠪᠣᠯᠣᠮᠵᠢ ᠲᠠᠢ ᠪᠠᠶᠢᠨ᠎ᠠ᠃ ᠦᠬᠡᠷ ᠬᠤᠨᠢ ᠲᠡᠵᠢᠭᠡᠨ ᠦᠷᠡᠵᠢᠭᠦᠯᠬᠦ 47 ᠲᠣᠮᠣ ᠰᠢᠶᠠᠨ ᠳᠤ 4 ᠵᠦᠢᠯ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠪᠥᠬᠦ ᠣᠷᠣᠨ ᠤ 70% ᠶᠢᠨ ᠦᠬᠡᠷ ᠬᠤᠨᠢ ᠶᠢ ᠬᠠᠮᠤᠷᠪᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠲᠤᠷᠰᠢᠯᠲᠠ ᠶᠢ ᠤᠷᠤᠭᠰᠢᠲᠠᠢ ᠲᠦᠯᠬᠢᠨ ᠠᠬᠢᠭᠤᠯᠵᠤ᠂ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠬᠢᠴᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃      ᠲᠠᠪᠤ ᠳᠤ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠢ ᠤᠶᠠᠯᠳᠤᠭᠤᠯᠤᠨ᠂ 17 ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ ᠪᠥᠬᠦ ᠲᠠᠯ᠎ᠠ ᠪᠠᠷ ᠡᠬᠢᠯᠡᠭᠦᠯᠪᠡ᠃ ᠨᠢᠭᠡ ᠪᠦᠯᠦᠭ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠰᠢᠶᠠᠨ ᠢ ᠪᠦᠲᠦᠭᠡᠨ ᠪᠠᠶᠢᠭᠤᠯᠵᠤ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢ 200 ᠲᠦᠮᠡᠨ ᠮᠦ ᠰᠢᠨ᠎ᠡ ᠪᠠᠷ ᠨᠡᠮᠡᠭᠳᠡᠭᠰᠡᠨ ᠪᠠ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ 270 ᠲᠦᠮᠡᠨ ᠮᠦ ᠰᠢᠨ᠎ᠡ ᠪᠠᠷ ᠨᠡᠮᠡᠭᠳᠡᠵᠦ᠂ ᠵᠢᠱᠢᠯᠲᠡ ᠪᠠᠷ ᠪᠦᠬᠦ ᠵᠢᠯ ᠳᠤ 2.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠳᠠᠶᠢᠴᠢᠯᠠᠬᠤ ᠪᠣᠯᠤᠨ᠎ᠠ᠃      ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号