2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ︽ᠲᠦᠷᠦᠭᠦᠴᠢ ᠬᠤᠨ︾ ᠲᠥᠷᠥᠯ ᠵᠦᠢᠯ ᠢ ᠬᠤᠸᠠ ᠵᠦᠩ  ᠲᠠᠷᠢᠶᠠᠯᠠᠩ ᠤᠨ ᠶᠡᠭᠡ ᠰᠤᠷᠭᠠᠭᠤᠯᠢ ᠳᠤ ᠡᠷᠬᠢᠯᠡᠪᠡ
ᠨᠡᠶᠢᠲᠡᠯᠡᠭᠰᠡᠨ ᠴᠠᠭ᠄
2024/8/5
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠶᠡᠷᠦᠩᠬᠡᠢ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ 46᠂ 47 ᠳ᠋ᠤᠭᠠᠷ ᠬᠤᠭᠤᠴᠠᠭᠠᠨ ᠤ ᠲᠥᠷᠥᠯ ᠬᠤᠸ᠋ᠨ ᠵᠦᠩ ᠲᠠᠷᠢᠶᠠᠯᠠᠩ ᠤᠨ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠪᠡ᠃ 
11.webp.png
       ᠬᠤᠸ᠋ᠨ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠪᠣᠯᠪᠠᠰᠤᠷᠠᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠸᠠᠩ ᠴᠦᠨ ᠨᠥᠬᠦᠷ ᠬᠤᠸ᠋ᠨ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠮᠦᠨ᠎ᠡ ᠠᠴᠠ ᠬᠤᠯᠠ ᠠᠴᠠ ᠬᠦᠷᠦᠯᠴᠡᠨ ᠢᠷᠡᠭᠰᠡᠨ ᠰᠤᠷᠤᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠰᠤᠷᠭᠠᠭᠤᠯᠢ ᠨᠢ ᠲᠣᠰ ᠪᠡᠶ᠎ᠡ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠤᠷᠤᠭᠴᠢᠳ ᠲᠤ ᠴᠢᠨᠠᠷ ᠰᠠᠶᠢᠲᠠᠢ ᠪᠣᠯᠪᠠᠰᠤᠷᠠᠯ ᠤᠨ ᠦᠢᠯᠡᠴᠢᠯᠡᠭᠡ ᠬᠠᠩᠭᠠᠵᠤ᠂ ᠲᠡᠳᠡᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠭᠤᠣᠯᠯᠠᠭᠴᠢ ᠬᠦᠴᠦᠨ ᠪᠣᠯᠬᠤ ᠳᠤ ᠬᠦᠴᠦᠨ ᠨᠡᠮᠡᠷᠢᠯᠡᠨ᠎ᠡ ᠭᠡᠵᠡᠢ᠃
22.webp.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ ᠨᠥᠬᠦᠷ ᠰᠤᠷᠭᠠᠭᠤᠯᠢ ᠶᠢᠨ ᠨᠠᠷᠢᠨ ᠨᠢᠮᠪᠠᠢ ᠪᠡᠯᠡᠳᠬᠡᠨ ᠪᠠᠶᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠣᠰ ᠤᠳᠠᠭᠠᠨ ᠤ ᠬᠥᠮᠥᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠭᠤᠷᠪᠠᠨ ᠬᠦᠰᠡᠯ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠵᠢᠯᠤᠭᠤᠳᠬᠤ ︽ᠲᠦᠷᠦᠭᠦᠴᠢ ᠬᠤᠨ︾ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠬᠤ ᠬᠡᠷᠡᠭᠲᠡᠢ︔ ᠬᠤᠶᠠᠷ ᠲᠤ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠬᠤᠸ᠋ᠨ ᠵᠦᠩ︾  ᠶᠢᠨ ᠡᠩᠨᠡᠭᠡ ᠶᠢ ᠪᠠᠶᠢᠭᠤᠯᠬᠤ ᠬᠡᠷᠡᠭᠲᠡᠢ︔ ᠭᠤᠷᠪᠠ ᠳᠤ ᠰᠤᠷᠤᠯᠴᠠᠯᠠᠭ᠎ᠠ ᠬᠡᠷᠡᠭᠯᠡᠯᠲᠡ ᠶᠢ ᠤᠶᠠᠯᠳᠤᠭᠤᠯᠬᠤ᠂ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠪᠣᠶᠢᠵᠢᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
33.webp.png
 
44.webp.png
      ︽ᠲᠦᠷᠦᠭᠦᠴᠢ ᠬᠤᠨ︾ ᠲᠥᠷᠥᠯ ᠵᠦᠢᠯ ᠨᠢ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠢ ᠡᠬᠢᠯᠡᠭᠦᠯᠦᠭᠰᠡᠨ ᠨᠢ ᠦᠵᠡᠯ ᠰᠠᠨᠠᠭ᠎ᠠ ᠪᠠᠨ ᠴᠢᠯᠦᠭᠡᠯᠡᠨ᠂ ᠬᠠᠷᠠᠭ᠎ᠠ ᠪᠠ ᠰᠢᠨ᠎ᠡ ᠶᠢ ᠡᠭᠦᠳᠬᠦ ᠰᠡᠳᠬᠢᠬᠦᠢ ᠪᠠᠨ ᠥᠷᠭᠡᠳᠬᠡᠵᠦ᠂ ᠳᠠᠭᠠᠭᠤᠯᠤᠭᠴᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠠ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠲᠦᠷᠦᠭᠦᠴᠢ ᠬᠤᠨ︾ ᠤ ᠦᠢᠯᠡᠳᠦᠯ ᠢ ᠪᠠᠳᠠᠷᠠᠭᠤᠯᠤᠨ᠂ ︽ᠲᠦᠷᠦᠭᠦᠴᠢ ᠬᠤᠨ ᠤ ᠵᠢᠭᠰᠠᠭᠠᠯ︾ ᠢ ᠪᠦᠷᠢᠯᠳᠦᠭᠦᠯᠵᠦ᠂ ᠨᠠᠩ ᠣᠯᠠᠨ ︽ᠲᠦᠷᠦᠭᠦᠴᠢ ᠬᠤᠨ ᠤ ᠰᠦᠷᠦᠭ︾ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠥᠯᠥᠭᠡ ᠶᠤᠮ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号