ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠢᠩᠬᠢᠮ ᠤᠨ ᠰᠢᠰᠲ᠋ᠧᠮ ᠤᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠤᠯᠴᠠᠭᠤᠯᠪᠠ
ᠨᠡᠶᠢᠲᠡᠯᠡᠭᠰᠡᠨ ᠴᠠᠭ᠄
2024/8/5
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 8 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠢᠩᠬᠢᠮ ᠤᠨ ᠰᠢᠰᠲ᠋ᠧᠮ ᠤᠨ ᠺᠠᠳ᠋ᠷᠴᠤᠳ  ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠤᠯᠴᠠᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠥᠪ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠤᠤᠯ ᠤᠨ ᠳᠡᠳ᠋ ᠡᠷᠬᠢᠯᠡᠭᠴᠢ ᠵᠠᠩ ᠵᠢᠢ ᠶᠢᠨ ᠭᠤᠣᠯᠯᠠᠨ ᠶᠠᠷᠢᠭᠰᠠᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠥᠭᠡᠷᠡᠴᠢᠯᠡᠯᠲᠡ ᠶᠢᠨ ᠠᠷᠭ᠎ᠠ ᠶᠢᠨ ᠣᠨᠣᠯ ᠢ ᠰᠠᠶᠢᠲᠤᠷ ᠡᠵᠡᠮᠰᠢᠨ ᠬᠡᠷᠡᠭᠯᠡᠶ᠎ᠡ︾ ᠭᠡᠬᠦ ᠲᠤᠰᠬᠠᠢ ᠰᠡᠳᠦᠪ ᠤᠨ ᠲᠠᠶᠢᠯᠤᠮᠵᠢ ᠶᠢ ᠦᠵᠡᠪᠡ᠃ ᠲᠢᠩᠬᠢᠮ ᠤᠨ ᠪᠠᠶᠢᠭᠤᠯᠤᠯᠭ᠎ᠠ ᠶᠢᠨ ᠪᠥᠬᠦ ᠠᠯᠪᠠᠲᠠᠨ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠨᠡᠶᠢᠲᠡ 145 ᠬᠥᠮᠥᠨ ᠲᠣᠰ ᠤᠳᠠᠭᠠᠨ ᠤ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠵᠠᠢ᠃
1111.webp.png
       ᠪᠣᠯᠪᠠᠰᠤᠷᠠᠯ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠶᠡᠷᠦᠩᠬᠡᠢ ᠱᠠᠭᠠᠷᠳᠠᠯᠭ᠎ᠠ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠰᠢᠨ᠎ᠡ ᠤᠬᠠᠭᠳᠠᠬᠤᠨ᠂ ᠰᠢᠨ᠎ᠡ ᠦᠵᠡᠯᠲᠡ᠂ ᠰᠢᠨ᠎ᠡ ᠤᠨᠤᠯ ᠢ ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠲᠢᠩᠬᠢᠮ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠰᠢᠰᠲ᠋ᠧᠮ ᠲᠠᠢ ᠪᠠᠷ ᠭᠦᠨᠵᠡᠭᠡᠢ ᠣᠶᠢᠯᠠᠭᠠᠨ ᠡᠵᠡᠮᠰᠢᠬᠦ ᠳᠤ ᠬᠦᠴᠦᠲᠡᠢ ᠵᠢᠯᠣᠭᠤᠳᠤᠯᠭ᠎ᠠ ᠬᠠᠩᠭᠠᠵᠠᠢ᠃
2222.webp.png
       ᠬᠤᠷᠠᠯ ᠳᠤ ᠣᠷᠣᠯᠴᠠᠭᠰᠠᠨ ᠺᠠᠳ᠋ᠷᠴᠤᠳ ᠰᠠᠨᠠᠯ ᠨᠢᠭᠡᠲᠡᠢ ᠢᠯᠡᠷᠬᠡᠶᠢᠯᠡᠭᠰᠡᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠢᠯᠡᠳᠬᠡᠯ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾  ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ ᠬᠡᠷᠡᠭᠲᠡᠢ ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠥᠭᠡᠷᠡᠴᠢᠯᠡᠯᠲᠡ ᠶᠢᠨ ᠰᠡᠳᠬᠢᠬᠦᠢ᠂ ᠥᠭᠡᠷᠡᠴᠢᠯᠡᠯᠲᠡ ᠶᠢᠨ ᠠᠷᠭ᠎ᠠ ᠶᠢ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠢᠶᠠᠨ ᠴᠢᠨᠠᠷ ᠰᠠᠶᠢᠲᠠᠢ ᠥᠷᠨᠢᠭᠦᠯᠬᠦ ᠶᠢ ᠠᠬᠢᠭᠤᠯᠬᠤ ᠪᠦᠲᠦᠮᠵᠢᠲᠡᠢ ᠵᠢᠯᠣᠭᠤᠳᠤᠯᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号