ᠬᠦᠯᠡᠮᠵᠢ ᠳᠦᠭᠦᠷᠡᠩ ᠳᠡᠭᠦᠵᠢᠩ ᠲᠠᠷᠪᠤᠰ ᠤᠨ ᠤᠷᠭᠤᠴᠠ ᠲᠠᠷᠢᠶᠠᠴᠢᠨ ᠤ ᠰᠡᠳᠬᠢᠯ ᠢ ᠪᠠᠶᠠᠰᠬᠠᠨ᠎ᠠ
ᠨᠡᠶᠢᠲᠡᠯᠡᠭᠰᠡᠨ ᠴᠠᠭ᠄
2024/8/5
      ᠲᠦᠩᠯᠢᠶᠣᠣ ᠬᠤᠳᠠ ᠶᠢᠨ ᠨᠠᠢᠮᠠᠨ ᠬᠤᠰᠢᠭᠤᠨ ᠤ ᠳ᠋ᠦᠩ ᠮᠢᠩ ᠪᠠᠯᠭᠠᠰᠤᠨ ᠤ ᠳ᠋ᠠᠢ ᠲᠥᠩ ᠲᠤᠰᠬᠤᠨ ᠤ ᠲᠥᠬᠦᠭᠡᠷᠦᠮᠵᠢᠲᠦ ᠲᠠᠷᠢᠶᠠᠯᠠᠩ ᠤᠨ ᠰᠠᠭᠤᠷᠢᠨ ᠳᠤ ᠲᠤᠰ ᠲᠤᠰᠬᠤᠨ ᠤ ᠨᠠᠮ ᠤᠨ ᠡᠭᠦᠷ ᠤᠨ ᠱᠦᠵᠢ ᠸᠠᠩ ᠬᠠᠢ ᠯᠦᠩ ᠬᠦᠯᠡᠮᠵᠢ ᠳᠦᠭᠦᠷᠡᠩ ᠳᠡᠭᠦᠵᠢᠩ ᠲᠠᠷᠪᠤᠰ ᠤᠨ ᠢᠶᠠᠨ ᠤᠷᠭᠤᠴᠠ ᠶᠢ ᠰᠢᠨᠵᠢᠯᠡᠨ᠎ᠡ᠃
121.png
       2019 ᠣᠨ ᠠᠴᠠ ᠡᠬᠢᠯᠡᠨ ᠲᠡᠷᠡ 30 ᠮᠦ ᠬᠦᠯᠡᠮᠵᠢ ᠶᠢ ᠳᠠᠭᠠᠭᠠᠴᠢᠯᠠᠵᠤ ᠳᠡᠭᠦᠵᠢᠩ ᠲᠠᠷᠪᠤᠰ ᠲᠠᠷᠢᠵᠤ ᠡᠬᠢᠯᠡᠪᠡ᠃ 4 ᠵᠢᠯ ᠤᠨ ᠲᠤᠷᠰᠢ᠂ ᠳᠡᠷᠡ ᠳᠡᠭᠦᠵᠢᠩ ᠲᠠᠷᠪᠤᠰ ᠲᠠᠷᠢᠵᠤ ᠤᠷᠭᠤᠭᠤᠯᠬᠤ ᠮᠡᠷᠭᠡᠵᠢᠯ ᠢ ᠪᠦᠷᠢᠮᠦᠰᠦᠨ ᠡᠵᠡᠮᠰᠢᠬᠦ ᠶᠢᠨ ᠬᠠᠮᠲᠤ ᠲᠤᠰᠬᠤᠨ ᠤ ᠠᠷᠠᠳ ᠢᠶᠠᠨ ᠳᠠᠶᠢᠴᠢᠯᠠᠨ ᠲᠥᠬᠦᠭᠡᠷᠦᠮᠵᠢᠲᠦ ᠲᠠᠷᠢᠶᠠᠯᠠᠩ ᠢ 85 ᠮᠦ ᠪᠣᠯᠭᠠᠨ ᠬᠥᠭᠵᠢᠭᠦᠯᠵᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠠᠢ᠃ ︽ᠡᠨᠡ ᠵᠢᠯ ᠨᠢᠭᠡ ᠮᠦ ᠠᠴᠠ 9000 ᠵᠢᠩ ᠣᠷᠴᠢᠮ ᠲᠠᠷᠪᠤᠰ ᠬᠤᠷᠢᠶᠠᠵᠤ᠂ 30 ᠮᠦ ᠬᠦᠯᠡᠮᠵᠢ ᠶᠢᠨ ᠦᠢᠯᠡᠳᠬᠦᠨ ᠤ ᠥᠷᠲᠡᠭ 32 ᠲᠦᠮᠡᠨ ᠲᠥᠭᠦᠷᠢᠭ ᠲᠤ ᠭᠦᠷᠥᠨ᠎ᠠ᠃ ᠳᠡᠭᠦᠵᠢᠩ ᠲᠠᠷᠪᠤᠰ ᠤᠨ ᠬᠠᠯᠢᠰᠤ ᠨᠢᠮᠭᠡᠨ᠂ ᠰᠢᠬᠢᠷᠯᠢᠭ ᠠᠮᠲᠠᠲᠠᠢ ᠪᠣᠯᠬᠤᠷ ᠭᠤᠣᠯᠳᠠᠭᠤ ᠪᠡᠭᠡᠵᠢᠩ᠂ ᠳᠠᠶᠠᠨᠵᠢᠨ᠂ ᠱᠠᠨᠳᠦ᠋ᠩ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ︾ ᠭᠡᠵᠦ ᠸᠠᠩ ᠬᠠᠢ ᠯᠥᠩ ᠬᠡᠯᠡᠵᠦ ᠪᠠᠶᠢᠯ᠎ᠠ᠃      ᠲᠤᠰ ᠰᠣᠨᠢᠨ ᠤ ᠰᠤᠷᠪᠤᠯᠵᠢᠯᠠᠬᠴᠢ ᠪᠤᠤ ᠴᠢᠩ ᠱᠧᠩ ᠰᠡᠭᠦᠳᠡᠷᠯᠡᠪᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号