8 ᠰᠠᠷ᠎ᠠ ᠶᠢᠨ 2 ᠤᠨ ᠡᠳᠦᠷ᠂ 35 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠥᠳᠡᠭᠡ ᠠᠵᠤ ᠠᠬᠤᠢ | ᠶᠢᠨ ᠦᠵᠡᠰᠭᠦᠯᠡᠩ ᠵᠢᠴᠢ 12 ᠳ᠋ᠤᠭᠠᠷ ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ | ᠤᠨ ᠲᠠᠷᠢᠶᠠᠯᠠᠩ ᠤᠨ ᠮᠠᠰᠢᠨ ᠮᠧᠬᠠᠨᠢᠭ ᠤᠨ ᠦᠵᠡᠰᠭᠦᠯᠡᠩ ᠤᠯᠠᠭᠠᠨᠬᠠᠳᠠ ᠶᠢᠨ ᠤᠯᠠᠨ ᠤᠯᠤᠰ ᠤᠨ ᠬᠤᠷᠠᠯ | ᠦᠵᠡᠰᠭᠦᠯᠡᠩ ᠤᠨ ᠲᠥᠪ ᠲᠤ ᠡᠬᠢᠯᠡᠵᠦ᠂ ᠪᠦᠭᠦ ᠤᠯᠤᠰ ᠤᠨ 15 ᠮᠤᠵᠢ᠂ ᠬᠤᠳᠠ᠂ ᠥᠪᠡᠷᠲᠡᠭᠡᠨ ᠵᠠᠰᠠᠬᠤ | ᠣᠷᠣᠨ ᠤ 600 ᠭᠠᠷᠤᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠣᠯᠣᠨ ᠡᠵᠡᠩᠨᠡᠨ ᠪᠣᠷᠣᠯᠠᠭᠤᠯᠬᠤ | ᠠᠵᠤ ᠠᠬᠤᠶᠢᠯᠠᠯ ᠦᠵᠡᠰᠭᠦᠯᠡᠩ ᠳᠤ ᠣᠷᠣᠯᠴᠠᠵᠠᠢ᠃ | | | | | ᠲᠤᠰ ᠬᠤᠭᠤᠴᠠᠭᠠᠨ ᠤ ᠦᠵᠡᠰᠭᠦᠯᠡᠩ ᠳᠤ ᠨᠡᠶᠢᠳᠡ 5 ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ | ᠦᠵᠡᠭᠦᠯᠭᠡ ᠶᠢᠨ ᠲᠠᠯᠠᠪᠠᠢ 3.5 ᠲᠦᠮᠡᠨ ᠲᠡᠭᠰᠢ ᠳᠥᠷᠪᠡᠯᠵᠢᠨ ᠮᠸᠲᠷ ᠪᠠᠶᠢᠵᠤ᠂ ᠡᠭᠦᠨ ᠳᠤ ᠥᠷᠥᠭᠡᠨ ᠳᠣᠲᠣᠷᠠᠬᠢ | 1.5 ᠲᠦᠮᠡᠨ ᠲᠡᠭᠰᠢ ᠳᠥᠷᠪᠡᠯᠵᠢᠨ ᠮᠸᠲᠷ ᠪᠦᠬᠦᠢ ᠲᠠᠯᠠᠪᠠᠢ ᠳᠤ 400 ᠭᠠᠷᠤᠢ ᠦᠵᠡᠭᠦᠯᠭᠡ ᠶᠢᠨ ᠪᠠᠶᠢᠷᠢ | ᠲᠣᠬᠢᠷᠠᠭᠤᠯᠵᠤ᠂ ᠭᠤᠣᠯᠳᠠᠭᠤ ᠲᠠᠷᠢᠶᠠᠯᠠᠩ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠣᠶᠤᠨᠴᠢ ᠬᠥᠳᠡᠭᠡ ᠠᠵᠤ | ᠠᠬᠤᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠳ᠋ᠯᠡᠯ ᠬᠡᠷᠡᠭᠰᠡᠯ ᠵᠡᠷᠭᠡ ᠶᠢ | ᠲᠥᠪᠯᠡᠷᠡᠭᠦᠯᠦᠨ ᠳᠡᠯᠭᠡᠨ ᠦᠵᠡᠭᠦᠯᠪᠡ︔ ᠥᠷᠥᠭᠡᠨ ᠭᠠᠳᠠᠨᠠᠬᠢ ᠲᠠᠯᠠᠪᠠᠢ 2 ᠲᠦᠮᠡᠨ ᠲᠡᠭᠰᠢ ᠳᠥᠷᠪᠡᠯᠵᠢᠨ ᠮᠸᠲᠷ | ᠪᠠᠶᠢᠵᠤ᠂ ᠭᠤᠣᠯᠳᠠᠭᠤ ᠲᠠᠷᠢᠶᠠᠯᠠᠩ ᠤᠨ ᠮᠠᠰᠢᠨ ᠮᠧᠬᠠᠨᠢᠭ᠂ ᠮᠠᠯ ᠠᠵᠤ ᠠᠬᠤᠢ ᠶᠢᠨ ᠮᠠᠰᠢᠨ ᠮᠧᠬᠠᠨᠢᠭ᠂ ᠣᠶ | ᠵᠢᠮᠢᠰ ᠤᠨ ᠮᠠᠰᠢᠨ ᠮᠧᠬᠠᠨᠢᠭ᠂ ᠬᠥᠳᠡᠭᠡ ᠠᠵᠤ ᠠᠬᠤᠢ ᠳᠤ ᠲᠣᠬᠢᠷᠠᠬᠤ ᠢᠨᠵᠧᠨᠧᠷᠢᠩ ᠤᠨ ᠮᠠᠰᠢᠨ ᠮᠧᠬᠠᠨᠢᠭ᠂ | ᠲᠠᠷᠢᠶᠠᠯᠠᠩ ᠤᠨ ᠮᠠᠰᠢᠨ ᠤ ᠰᠡᠯᠪᠢᠭ ᠳᠤᠨᠤᠭ ᠵᠡᠷᠭᠡ ᠨᠡᠶᠢᠲᠡ 3000 ᠭᠠᠷᠤᠢ ᠢᠵᠢ ᠣᠲᠣ ᠦᠶ᠎ᠡ ᠶᠢᠨ | ᠲᠠᠷᠢᠶᠠᠯᠠᠩ ︵ᠮᠠᠯ ᠠᠵᠤ ᠠᠬᠤᠢ︶ ᠤᠨ ᠮᠠᠰᠢᠨ ᠮᠧᠬᠠᠨᠢᠭ ᠢ ᠳᠡᠯᠭᠡᠨ ᠦᠵᠡᠭᠦᠯᠵᠡᠢ᠃ | ᠲᠤᠰ ᠬᠤᠭᠤᠴᠠᠭᠠᠨ ᠤ ᠬᠥᠳᠡᠭᠡ ᠠᠵᠤ ᠠᠬᠤᠢ ᠶᠢᠨ ᠦᠵᠡᠰᠭᠦᠯᠡᠩ ᠨᠢ 8 ᠰᠠᠷ᠎ᠠ ᠶᠢᠨ 4 ᠤ ᠡᠳᠦᠷ | ᠪᠤᠯᠲᠠᠯ᠎ᠠ ᠶᠠᠪᠤᠭᠳᠠᠨ᠎ᠠ᠃ ᠦᠵᠡᠰᠭᠦᠯᠡᠩ ᠨᠢ ︽ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ | ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠪᠠᠷ ᠭᠤᠣᠯ ᠰᠡᠳᠦᠪ ᠪᠤᠯᠭᠠᠵᠤ᠂ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠪᠠ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠮᠠᠨ ᠤ ᠣᠷᠣᠨ ᠤ ᠮᠠᠯ | ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠳᠤ ᠮᠡᠳᠡᠭᠡ | ᠵᠠᠩᠭᠢ ᠰᠣᠯᠢᠯᠴᠠᠬᠤ ᠪᠠ ᠬᠠᠮᠲᠤᠷᠠᠨ ᠠᠵᠢᠯᠯᠠᠬᠤ ᠲᠠᠪᠴᠠᠩ ᠬᠠᠩᠭᠠᠵᠠᠢ᠃ |