ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/6
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ᠄      ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠂ ᠲᠠᠷᠢᠶᠠᠯᠠᠩ ᠤᠨ ᠮᠠᠰᠢᠨ ᠤ ᠥᠨᠳᠥᠷ ᠲᠡᠰᠴᠢᠯᠡᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ︽ᠠᠵᠢᠯ ᠤᠨ ᠡᠷᠴᠢᠮ ᠢᠶᠠᠨ ᠴᠢᠩᠭᠠᠷᠠᠭᠤᠯᠵᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠲᠢᠩᠬᠢᠮ ﹇2024﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ                                                     2024 ᠣᠨ ᠤ 8 ᠰᠠᠷ᠎ᠠ ᠶᠢᠨ 5 ᠤ ᠡᠳᠦᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号