ᠵᠤᠨ ᠤ ᠤᠯᠠᠷᠢᠯ ᠳᠤ ᠠᠯᠠᠰᠢᠨ ᠦᠬᠡᠷ ᠢ ᠪᠣᠷᠳᠣᠵᠤ ᠲᠠᠷᠭᠤᠯᠠᠭᠤᠯᠬᠤ ᠠᠷᠭ᠎ᠠ ᠳᠡᠮ ︵ᠬᠤᠶᠠᠷ︶
ᠨᠡᠶᠢᠲᠡᠯᠡᠭᠰᠡᠨ ᠴᠠᠭ᠄
2024/8/7
      ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ ᠪᠠᠲᠠᠭᠠᠨ᠎ᠠ ᠵᠡᠷᠭᠡ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ ᠡᠶᠢᠮᠦ ᠠᠴᠠ ᠵᠣᠨ ᠤ ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ ᠵᠣᠨ ᠤ ᠤᠯᠠᠷᠢᠯ ᠳᠤ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ ᠯᠠᠪᠯᠠᠯᠲᠠ ᠪᠣᠯᠭᠠᠶ᠎ᠠ᠃      5. ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠨᠡᠮᠡᠨ᠎ᠡ      ᠲᠡᠵᠢᠭᠡᠯ ᠪᠣᠷᠳᠣᠭᠠᠨ ᠤ ᠨᠡᠮᠡᠯᠲᠡ ᠡᠳ᠋ ᠨᠢ ᠵᠤᠨ ᠤ ᠤᠯᠠᠷᠢᠯ ᠤᠨ ᠬᠠᠯᠠᠭᠤᠨ ᠢ ᠡᠰᠡᠷᠭᠦᠴᠡᠬᠦ ᠰᠡᠷᠡᠯᠵᠢᠯ ᠤᠨ ᠬᠡᠯᠪᠡᠷᠢ ᠲᠠᠢ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠲᠷᠢ᠂ ᠾᠯᠣᠷᠲᠤ ᠨᠠᠲᠷᠢ᠂ ᠨᠢᠮᠪᠡᠭᠡ ᠶᠢᠨ ᠬᠦᠴᠢᠯ ᠤᠨ ᠨᠠᠲᠷᠢ᠂ ᠾᠯᠣᠷᠲᠤ ᠺᠠᠯᠢ ᠵᠡᠷᠭᠡ ᠤᠯᠠᠨ ᠸᠢᠲ᠋ᠠᠮᠢᠨ ᠲᠠᠢ ᠨᠡᠮᠡᠯᠲᠡ ᠡᠳ᠋ ᠤᠨ ᠴᠠᠬᠢᠯᠭᠠᠨ ᠵᠠᠳᠠᠯᠤᠭᠳᠠᠬᠤᠨ ᠢ ᠴᠢᠩᠭᠠᠳᠬᠠᠵᠤ᠂ ᠥᠨᠳᠥᠷ ᠳᠤᠯᠠᠭᠠᠨ ᠳᠤ ᠠᠮᠢᠳᠠᠨ ᠢ ᠵᠤᠨ ᠤ ᠴᠠᠭ ᠲᠤ ᠰᠡᠷᠢᠭᠦᠨ ᠲᠠᠭᠠᠯᠠᠮᠵᠢᠲᠠᠢ ᠪᠣᠯᠭᠠᠳᠠᠭ᠃      6. ᠬᠠᠯᠠᠭᠤᠨ ᠡᠳᠦᠷ ᠲᠤᠭᠤᠯᠯᠠᠬᠤ ᠠᠴᠠ ᠪᠣᠯᠭᠤᠮᠵᠢᠯᠠᠵᠤ᠂ ᠬᠤᠶᠢᠲᠤᠬᠢ ᠨᠢ ᠪᠠᠭᠤᠬᠤ ᠦᠭᠡᠢ ᠠᠴᠠ ᠪᠣᠯᠭᠤᠮᠵᠢᠯᠠᠬᠤ ᠬᠡᠷᠡᠭᠲᠡᠢ      ᠠᠷᠪᠢᠨ ᠲᠤᠭᠤᠯᠯᠠᠭᠰᠠᠨ ᠦᠨᠢᠶᠡᠨ ᠤ ᠵᠤᠨ ᠤ ᠤᠯᠠᠷᠢᠯ ᠳᠤ ᠲᠤᠭᠤᠯᠯᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠂ ᠲᠤᠭᠤᠯᠯᠠᠬᠤ ᠪᠠ ᠥᠨᠳᠥᠷ ᠬᠠᠯᠠᠭᠤᠨ ᠤ ᠳᠠᠪᠬᠤᠷ ᠰᠡᠷᠡᠯᠵᠢᠯ ᠨᠢ ᠦᠨᠢᠶ᠎ᠡ ᠪᠠ ᠲᠤᠭᠤᠯ ᠤᠨ ᠡᠷᠡᠭᠦᠯ ᠴᠢᠭᠢᠷᠠᠭ ᠢ ᠨᠥᠯᠥᠭᠡᠯᠡᠨ᠎ᠡ᠃ ᠬᠡᠷᠪᠡ ᠬᠤᠶᠢᠲᠤᠬᠢ ᠨᠢ ᠪᠠᠭᠤᠬᠤ ᠦᠭᠡᠢ ᠪᠣᠯ ᠬᠢᠲᠠᠳ ᠡᠮ ᠢᠶᠠᠷ ᠵᠠᠰᠠᠵᠤ ᠪᠣᠯᠣᠨ᠎ᠠ᠂ ᠵᠢᠱᠢᠶᠡᠯᠡᠪᠡᠯ ︽ᠠᠮᠲᠠ ᠣᠷᠣᠭᠤᠯᠤᠭᠰᠠᠨ ᠴᠢᠰᠤ ᠲᠥᠯᠵᠢᠭᠦᠯᠵᠦ ᠮᠠᠭᠤ ᠴᠢᠰᠤ ᠶᠢ ᠭᠠᠳᠠᠭᠰᠢᠯᠠᠭᠤᠯᠬᠤ ᠲᠠᠩ ᠡᠮ︾᠄ ᠳᠥᠷᠪᠡᠯᠵᠢ ᠡᠪᠡᠰᠦ 90 ᠭᠷᠡᠮ᠂ ᠳ᠋ᠠᠩᠭᠦᠨ 100 ᠭᠷᠡᠮ᠂ ᠳᠣᠯᠣᠨᠤ 60 ᠭᠷᠡᠮ᠂ ᠰᠧᠴᠤᠸᠠᠨ ᠴᠠᠨ᠎ᠠ 60 ᠭᠷᠡᠮ᠂ ᠬᠤᠨᠴᠢᠷ 50 ᠭᠷᠡᠮ᠂ ᠲᠤᠭᠤᠷ ᠤᠨ ᠴᠥᠮ᠎ᠡ 30 ᠭᠷᠡᠮ᠂ ᠰᠦᠨ ᠣᠷᠬᠤᠳᠠᠢ 50 ᠭᠷᠡᠮ᠂ ᠭᠦᠷᠭᠦᠮ 25 ᠭᠷᠡᠮ᠂ ᠴᠠᠭᠠᠨ ᠵᠠᠰᠠᠯ 60 ᠭᠷᠡᠮ᠂ ᠳᠥᠷᠪᠡᠯᠵᠢ ᠡᠪᠡᠰᠦ 90 ᠭᠷᠡᠮ᠂ ᠬᠠᠭᠰᠠᠭᠠᠭᠰᠠᠨ ᠰᠢᠬᠢᠷ ᠡᠪᠡᠰᠦ 15 ᠭᠷᠡᠮ᠂ ᠪᠦᠯᠢᠶᠡᠨ ᠤᠰᠤᠨ ᠳᠤ ᠪᠤᠷᠠᠮ ᠲᠠᠢ ᠴᠢᠨᠠᠵᠤ ᠤᠤᠭᠤᠯᠭᠠᠨ᠎ᠠ᠃      7. ᠤᠬᠢᠶᠠᠵᠤ ᠴᠡᠪᠡᠷᠯᠡᠨ ᠠᠷᠢᠭᠤᠨ ᠴᠡᠪᠡᠷ ᠢ ᠡᠷᠬᠢᠮᠯᠡᠨ᠂ ᠢᠯᠠᠭ᠎ᠠ ᠪᠠᠲᠠᠭᠠᠨ᠎ᠠ ᠶᠢ ᠠᠷᠢᠯᠭᠠᠨ᠎ᠠ      ᠦᠬᠡᠷ ᠤᠨ ᠬᠠᠰᠢᠶ᠎ᠠ ᠶᠢ ᠦᠷᠭᠦᠯᠵᠢ ᠱᠦᠭᠦᠷᠳᠡᠨ ᠴᠡᠪᠡᠷᠯᠡᠵᠦ᠂ ᠪᠠᠭᠠᠰᠤ ᠰᠢᠭᠡᠰᠦ ᠶᠢ ᠴᠡᠪᠡᠷᠯᠡᠵᠦ᠂ ᠰᠠᠯᠬᠢ ᠵᠢᠪᠠᠷ ᠨᠡᠪᠲᠡᠷᠡᠭᠦᠯᠦᠨ᠂ ᠦᠬᠡᠷ ᠤᠨ ᠣᠷᠣ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷ ᠤᠰᠤ ᠪᠠᠷ ᠤᠬᠢᠶᠠᠵᠤ᠂ ᠦᠬᠡᠷ ᠤᠨ ᠪᠡᠶ᠎ᠡ᠂ ᠬᠤᠶᠢᠲᠤ ᠪᠡᠶ᠎ᠡ ᠵᠡᠷᠭᠡ ᠴᠡᠪᠡᠷ ᠪᠤᠰᠤ ᠬᠡᠰᠡᠭ ᠢ ᠴᠠᠭ ᠲᠤᠬᠠᠢ ᠳᠤᠨᠢ ᠴᠡᠪᠡᠷ ᠤᠰᠤ ᠪᠠᠷ ᠤᠬᠢᠶᠠᠨ ᠴᠡᠪᠡᠷᠯᠡᠵᠦ᠂ ᠬᠠᠯᠠᠭᠤᠨ ᠤ ᠰᠡᠷᠡᠯᠲᠡ ᠶᠢ ᠪᠠᠭᠠᠰᠬᠠᠨ᠎ᠠ᠃ ᠦᠬᠡᠷ ᠤᠨ ᠪᠡᠶ᠎ᠡ ᠶᠢ ᠤᠬᠢᠶᠠᠬᠤ ᠳᠠᠭᠠᠨ ᠲᠡᠵᠢᠭᠡᠬᠦ ᠠᠴᠠ ᠡᠮᠦᠨ᠎ᠡ ᠲᠣᠬᠢᠷᠠᠭᠤᠯᠵᠤ᠂ ᠲᠡᠵᠢᠭᠡᠭᠰᠡᠨ ᠤ ᠳᠠᠷᠠᠭ᠎ᠠ 30 ᠮᠢᠨᠦ᠋ᠲ ᠤᠨ ᠳᠣᠲᠣᠷ᠎ᠠ ᠤᠬᠢᠶᠠᠵᠤ ᠪᠣᠯᠬᠤ ᠦᠭᠡᠢ᠂ᠨᠡᠩ ᠴᠤ ᠤᠰᠤ ᠪᠠᠷ ᠦᠬᠡᠷ ᠤᠨ ᠲᠣᠯᠣᠭᠠᠢ ᠶᠢ ᠴᠣᠴᠢᠮᠠᠭ ᠤᠬᠢᠶᠠᠵᠤ ᠪᠣᠯᠬᠤ ᠦᠭᠡᠢ᠂ ᠦᠬᠡᠷ ᠤᠨ ᠲᠣᠯᠣᠭᠠᠢ ᠶᠢᠨ ᠬᠡᠰᠡᠭ ᠤᠨ ᠴᠢᠰᠤᠨ ᠰᠤᠳᠠᠯ ᠬᠦᠴᠦᠲᠡᠢ ᠠᠪᠴᠢᠵᠤ ᠮᠠᠨᠠᠷᠠᠬᠤ ᠠᠴᠠ ᠰᠡᠷᠭᠡᠶᠢᠯᠡᠬᠦ ᠬᠡᠷᠡᠭᠲᠡᠢ᠃ ᠡᠳᠦᠷ ᠪᠦᠷᠢ ᠶᠢᠨ ᠦᠳᠡ ᠳᠤ ᠦᠬᠡᠷ ᠢᠶᠠᠨ ᠬᠠᠰᠢᠶᠠᠯᠠᠨ ᠠᠷᠢᠭᠤᠳᠬᠠᠵᠤ ᠬᠢᠵᠢᠭ ᠢ ᠰᠡᠷᠭᠡᠶᠢᠯᠡᠬᠦ ᠮᠥᠷᠲᠡᠭᠡᠨ ᠠᠷᠢᠭᠤᠳᠬᠠᠨ᠎ᠠ᠃ ᠦᠬᠡᠷ ᠤᠨ ᠰᠠᠷᠠᠪᠴᠢ ᠶᠢᠨ ᠡᠷᠬᠢᠨ ᠲᠣᠭᠤᠷᠢᠨ ᠳᠤ ᠱᠠ ᠡᠭᠦᠳᠡ᠂ ᠱᠠ ᠴᠣᠩᠬᠤ ᠨᠡᠮᠡᠵᠦ᠂ ᠢᠯᠠᠭ᠎ᠠ ᠪᠠᠲᠠᠭᠠᠨ᠎ᠠ ᠦᠬᠡᠷ ᠤᠨ ᠪᠡᠶ᠎ᠡ ᠶᠢ ᠬᠠᠵᠠᠬᠤ ᠠᠴᠠ ᠰᠡᠷᠭᠡᠶᠢᠯᠡᠬᠦ ᠶᠢᠨ ᠬᠠᠮᠲᠤ ᠪᠠᠰᠠ 1% ᠶᠢᠨ ᠳ᠋ᠢ ᠪᠠᠢ ᠴᠥᠩ ᠡᠮ ᠤᠨ ᠰᠢᠩᠭᠡᠨ ᠢᠶᠠᠷ ᠦᠬᠡᠷ ᠢ ᠰᠦᠷᠴᠢᠵᠦ ᠪᠣᠯᠣᠨ᠎ᠠ᠂ ᠪᠠᠰᠠ ᠲᠣᠭᠲᠠᠭᠰᠠᠨ ᠬᠤᠭᠤᠴᠠᠭᠠᠨ ᠳᠤ ᠠᠯᠠᠰᠢᠨ ᠦᠬᠡᠷ ᠲᠤ ᠵᠣᠬᠢᠬᠤ ᠬᠡᠮᠵᠢᠶᠡᠨ ᠤ ᠮᠠᠯ ᠳᠤ ᠬᠡᠷᠡᠭᠯᠡᠬᠦ ᠲᠦ᠋ ᠮᠸᠢ ᠰᠦ᠋ ᠢᠳᠡᠭᠦᠯᠵᠦ᠂ ᠡᠳᠦᠷ ᠪᠦᠷᠢ ᠲᠡᠵᠢᠭᠡᠯ ᠤᠨ ᠪᠠᠭᠠᠵᠢ ᠬᠡᠷᠡᠭᠰᠡᠯ ᠢ ᠤᠬᠢᠶᠠᠬᠤ ᠪᠠ ᠠᠯᠠᠰᠢᠨ ᠦᠬᠡᠷ ᠤᠨ ᠬᠠᠰᠢᠶ᠎ᠠ ᠶᠢ ᠴᠡᠪᠡᠷᠯᠡᠬᠦ ᠠᠵᠢᠯ ᠢ ᠰᠠᠶᠢᠲᠤᠷ ᠬᠢᠵᠦ᠂ ᠡᠪᠡᠳᠴᠢᠨ ᠤ ᠪᠠᠺᠲ᠋ᠧᠷᠢ ᠶᠢᠨ ᠬᠠᠯᠳᠠᠪᠤᠷᠢᠯᠠᠬᠤ ᠠᠴᠠ ᠰᠡᠷᠭᠡᠶᠢᠯᠡᠨ᠎ᠡ᠃ ᠰᠥᠨᠢ ᠳᠡᠭᠡᠨ ᠠᠯᠠᠰᠢᠨ ᠦᠬᠡᠷ ᠤᠨ ᠬᠠᠰᠢᠶᠠᠨ ᠳᠤ ᠰᠢᠮᠠᠭᠤᠯ ᠤᠲᠤᠬᠤ ᠬᠦᠵᠢ ᠶᠢ ᠠᠰᠠᠭᠠᠬᠤ ᠪᠤᠶᠤ ᠱᠠ ᠪᠥᠰ ᠢᠶᠠᠷ ᠪᠠᠭᠯᠠᠭᠰᠠᠨ ᠲᠠᠯᠠᠰᠲᠤ ᠳ᠋ᠢ ᠪᠠᠢ ᠴᠦᠩ ᠢ ᠡᠯᠭᠦᠵᠦ ᠬᠠᠵᠠᠭᠳᠠᠬᠤ ᠠᠴᠠ ᠰᠡᠷᠭᠡᠶᠢᠯᠡᠨ᠎ᠡ᠃      8. ᠡᠷᠲᠡ ᠣᠷᠣᠢ ᠳᠠᠭᠠᠨ ᠵᠥᠭᠡᠭᠡᠪᠦᠷᠢᠯᠡᠵᠦ᠂ ᠵᠠᠮ ᠵᠠᠭᠤᠷ᠎ᠠ ᠪᠠᠨ ᠠᠮᠠᠷᠠᠨ᠎ᠠ      ᠠᠯᠠᠰᠢᠨ ᠦᠬᠡᠷ ᠤᠨ ᠲᠡᠭᠡᠭᠡᠪᠦᠷᠢ ᠶᠢᠨ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠬᠠᠬᠢᠷ ᠬᠦᠢᠲᠡᠨ ᠠᠭᠠᠭᠢᠮ᠎ᠠ ᠬᠠᠯᠠᠭᠤᠨ ᠠᠴᠠ ᠵᠠᠶᠢᠯᠠᠭᠤᠯᠬᠤ ᠬᠡᠷᠡᠭᠲᠡᠢ᠃ ᠵᠣᠨ ᠤ ᠤᠯᠠᠷᠢᠯ ᠳᠤ ᠠᠯᠠᠰᠢᠨ ᠦᠬᠡᠷ ᠵᠥᠭᠡᠭᠡᠪᠦᠷᠢᠯᠡᠬᠦ ᠳᠡᠭᠡᠨ ᠡᠷᠲᠡ ᠣᠷᠣᠢ ᠶᠠᠪᠤᠵᠤ᠂ ᠲᠡᠷᠭᠡᠨ ᠣᠷᠣᠢ ᠳᠤ ᠰᠢᠷᠠᠭᠳᠠᠬᠤ ᠠᠴᠠ ᠰᠡᠷᠭᠡᠶᠢᠯᠡᠬᠦ ᠲᠣᠣᠷ ᠪᠤᠶᠤ ᠨᠣᠶᠢᠲᠠᠨ ᠬᠥᠰᠢᠭᠡ ᠲᠠᠯᠪᠢᠵᠤ᠂ ᠳᠥᠷᠪᠡᠨ ᠲᠠᠯ᠎ᠠ ᠪᠠᠷ ᠨᠢ ᠰᠠᠯᠬᠢ ᠨᠡᠪᠲᠡᠷᠡᠭᠦᠯᠬᠦ ᠪᠤᠶᠤ ᠨᠣᠶᠢᠲᠠᠨ ᠬᠥᠰᠢᠭᠡ ᠲᠠᠭᠠᠷᠠᠭᠤᠯᠤᠨ᠎ᠠ᠃ ᠬᠤᠯᠠ ᠵᠠᠮ ᠤᠨ ᠲᠡᠭᠡᠭᠡᠪᠦᠷᠢ ᠶᠢᠨ ᠶᠠᠪᠤᠴᠠ ᠳᠤ ᠮᠣᠳᠣᠨ ᠤ ᠰᠡᠭᠦᠳᠡᠷ ᠲᠤ ᠲᠡᠷᠭᠡ ᠪᠠᠨ ᠵᠣᠭᠰᠣᠭᠠᠵᠤ ᠠᠮᠠᠷᠠᠭᠤᠯᠤᠨ᠂0.5% ᠶᠢᠨ ᠳᠠᠪᠤᠰᠤ ᠲᠠᠢ ᠤᠰᠤ ᠪᠤᠶᠤ ᠴᠠᠬᠢᠯᠭᠠᠨ ᠵᠠᠳᠠᠯᠤᠭᠳᠠᠬᠤᠨ ᠲᠠᠢ ᠤᠰᠤᠨ ᠤ ᠠᠭᠤᠰᠤᠮᠠᠯ ᠢᠶᠠᠷ ᠤᠰᠤᠯᠠᠵᠤ᠂ ᠪᠠᠰᠠ ᠨᠣᠭᠤᠭᠠᠨ ᠪᠣᠷᠳᠤᠭ᠎ᠠ ᠶᠢ ᠪᠠᠭ᠎ᠠ ᠲᠡᠵᠢᠭᠡᠵᠦ᠂ ᠬᠠᠯᠠᠭᠤᠨ ᠤ ᠰᠡᠷᠡᠯᠲᠡ ᠠᠴᠠ ᠪᠣᠯᠵᠤ ᠬᠤᠬᠢᠷᠠᠯ ᠭᠠᠷᠬᠤ ᠠᠴᠠ ᠰᠡᠷᠭᠡᠶᠢᠯᠡᠨ᠎ᠡ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号