2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/9
      ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭ᠎ᠠ︾ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠤᠨ 40︱45 ᠳ᠋ᠤᠭᠠᠷ ᠬᠤᠭᠤᠴᠠᠭ᠎ᠠ ᠶᠢ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠴᠠᠩᠨᠢᠩ ᠰᠤᠷᠭᠠᠭᠤᠯᠢ ᠶᠢᠨ ᠲᠣᠭᠤᠷᠢᠭ ᠲᠤ ᠡᠬᠢᠯᠡᠭᠦᠯᠪᠡ᠃ 
1.webp.png
       ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠬᠤ᠋ ᠵᠢᠶᠧ ᠨᠥᠬᠦᠷ ᠶᠠᠭᠤᠨ ᠤ ᠡᠮᠦᠨ᠎ᠡ ᠰᠤᠷᠭᠠᠭᠤᠯᠢ᠂ ᠳᠡᠭᠡᠳᠦ ᠰᠤᠷᠭᠠᠭᠤᠯᠢ ᠶᠢ ᠲᠦᠯᠦᠭᠡᠯᠡᠨ ᠪᠥᠬᠦ ᠰᠢᠨ᠎ᠡ ᠰᠤᠷᠤᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠳᠡᠭᠡᠳᠦ ᠰᠤᠷᠭᠠᠭᠤᠯᠢ ᠶᠢᠨ ᠬᠢᠨ ᠬᠦᠴᠦᠷᠬᠡᠭ ᠶᠡᠭᠡ ᠰᠢᠨᠵᠢᠯᠡᠭᠡᠨ ᠤ ᠰᠠᠯᠠᠭ᠎ᠠ ᠪᠣᠯᠣᠨ ᠵᠢᠭᠠᠨ ᠰᠤᠷᠭᠠᠯᠲᠠ ᠶᠢᠨ ᠳᠠᠪᠠᠭᠤᠯᠢᠭ ᠲᠠᠭᠠᠨ ᠲᠦᠰᠢᠭᠯᠡᠵᠦ᠂ ᠬᠡᠷᠡᠭᠴᠡᠭᠡ ᠶᠢ ᠦᠨᠳᠦᠰᠦᠯᠡᠨ ᠵᠢᠭᠠᠵᠤ᠂ ᠬᠡᠷᠡᠭᠴᠡᠭᠡ ᠶᠢ ᠦᠨᠳᠦᠰᠦᠯᠡᠨ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠤᠨᠤᠯ ᠪᠣᠯᠣᠨ ᠦᠢᠯᠡᠳᠦᠯᠭᠡ ᠶᠢ ᠣᠷᠭᠠᠨᠢᠭ ᠢᠶᠠᠷ ᠤᠶᠠᠯᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠦᠷᠦᠭᠦᠴᠢ ᠬᠤᠨ︾ ᠳᠤ ᠴᠢᠳᠠᠪᠤᠷᠢ ᠣᠯᠭᠤᠵᠤ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠨ ᠤ ᠵᠢᠭᠰᠠᠭᠠᠯ︾ ᠤᠨ ᠥᠨᠳᠥᠷ ᠲᠤ ᠨᠢᠰᠬᠦ ᠶᠢ ᠬᠠᠮᠠᠭᠠᠯᠠᠨ᠎ᠠ ᠭᠡᠪᠡ᠃
2.webp.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ ᠨᠥᠬᠦᠷ ᠰᠤᠷᠭᠠᠭᠤᠯᠢ ᠶᠢᠨ ᠨᠠᠷᠢᠨ ᠨᠢᠮᠪᠠᠢ ᠪᠡᠯᠡᠳᠬᠡᠨ ᠪᠠᠶᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠣᠰ ᠤᠳᠠᠭᠠᠨ ᠤ ᠬᠥᠮᠥᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠭᠤᠷᠪᠠᠨ ᠬᠦᠰᠡᠯ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠵᠢᠯᠤᠭᠤᠳᠬᠤ ︽ᠲᠦᠷᠦᠭᠦᠴᠢ ᠬᠤᠨ︾ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠬᠤ ᠬᠡᠷᠡᠭᠲᠡᠢ︔ ᠬᠤᠶᠠᠷ ᠲᠤ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ︽ᠲᠦᠷᠦᠭᠦᠴᠢ ᠬᠤᠨ︾ ᠤ ᠡᠩᠨᠡᠭᠡ ᠶᠢ ᠪᠠᠶᠢᠭᠤᠯᠬᠤ ᠬᠡᠷᠡᠭᠲᠡᠢ︔ ᠭᠤᠷᠪᠠ ᠳᠤ ᠰᠤᠷᠤᠯᠴᠠᠯᠠᠭ᠎ᠠ ᠬᠡᠷᠡᠭᠯᠡᠯᠲᠡ ᠶᠢ ᠤᠶᠠᠯᠳᠤᠭᠤᠯᠬᠤ᠂ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠪᠣᠶᠢᠵᠢᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
3.webp.png
       ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠦᠷᠦᠯ ᠵᠦᠢᠯ ᠢ ᠬᠡᠷᠡᠭᠵᠢᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠤ ᠰᠢᠰᠲ᠋ᠧᠮ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠮᠥᠨ᠂ ᠪᠠᠰᠠᠴᠤ ᠲᠠᠷᠢᠶᠠᠯᠠᠩ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠲᠣᠰ ᠤᠳᠠᠭᠠᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠢ ᠡᠬᠢᠯᠡᠭᠦᠯᠬᠦ ᠶᠢᠨ ᠵᠣᠷᠢᠯᠭ᠎ᠠ ᠨᠢ ᠨᠢᠭᠡ ᠪᠦᠯᠦᠭ ᠠᠵᠢᠯ ᠳᠠᠭᠠᠨ ᠭᠠᠷᠮᠠᠭᠠᠢ᠂ ᠳᠠᠯᠳᠠ ᠬᠦᠴᠦᠨ ᠲᠠᠢ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠰᠠᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠲᠠᠢ ᠵᠣᠬᠢᠴᠠᠯᠳᠤᠭᠰᠠᠨ᠂ ᠨᠢᠭᠡ ᠲᠠᠯ᠎ᠠ ᠶᠢ ᠬᠥᠲᠥᠯᠥᠨ ᠳᠠᠭᠠᠭᠤᠯᠵᠤ᠂ ᠨᠢᠭᠡ ᠲᠠᠯ᠎ᠠ ᠶᠢ ᠳᠠᠶᠢᠴᠢᠯᠠᠵᠤ ᠳᠡᠶᠢᠯᠬᠦ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠢ ᠪᠣᠶᠢᠵᠢᠭᠤᠯᠬᠤ ᠶᠢᠨ ᠲᠥᠯᠥᠭᠡ ᠶᠤᠮ᠂ ᠡᠭᠦᠨ ᠤ ᠤᠯᠠᠮ ᠠᠴᠠ ︽ᠲᠦᠷᠦᠭᠦᠴᠢ ᠬᠤᠨ ᠳᠠᠶᠢᠴᠢᠯᠠᠵᠤ᠂ ᠬᠤᠨ ᠤ ᠵᠢᠭᠰᠠᠭᠠᠯ ᠵᠡᠷᠭᠡᠪᠡᠷ ᠨᠢᠰᠬᠦ︾ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ ᠶᠤᠮ᠃
4.webp.png
5.webp.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号