︽ᠤᠯᠠᠭᠠᠨ ᠲᠢᠩᠬᠢᠮ ᠤᠨ ᠶᠠᠷᠢᠶᠠᠨ ᠤ ᠲᠠᠪᠴᠠᠩ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠤᠩᠰᠢᠨ ᠣᠶᠢᠯᠠᠭᠠᠬᠤᠢ︾ ᠭᠤᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/9
      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 6 ᠤ ᠴᠠᠭᠢᠯᠭᠠᠨ ᠮᠡᠳᠡᠭᠡ   ︽ᠤᠯᠠᠭᠠᠨ ᠲᠢᠩᠬᠢᠮ ᠤᠨ ᠶᠠᠷᠢᠶᠠᠨ ᠤ ᠲᠠᠪᠴᠠᠩ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠤᠩᠰᠢᠨ ᠣᠶᠢᠯᠠᠭᠠᠬᠤᠢ︾ ᠭᠤᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ 6 ᠤ ᠡᠳᠦᠷ ᠪᠡᠭᠡᠵᠢᠩ ᠳᠤ ᠶᠠᠪᠤᠭᠳᠠᠪᠠ᠃ 60 ᠭᠠᠷᠤᠢ ᠤᠯᠤᠰ ᠠᠴᠠ ᠢᠷᠡᠭᠰᠡᠨ ᠳᠤᠮᠳᠠᠳᠤ ᠤᠯᠤᠰ ᠲᠤ ᠰᠠᠭᠤᠭ᠎ᠠ 200 ᠭᠠᠷᠤᠢ ᠡᠯᠴᠢᠨ ᠰᠠᠶᠢᠳ᠂ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ᠂ ᠵᠠᠭᠤᠴᠢᠯᠠᠭᠤᠷ ᠤᠨ ᠰᠤᠷᠪᠤᠯᠵᠢᠯᠠᠬᠴᠢ ᠨᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠰᠤᠷᠪᠤᠯᠵᠢ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠲᠥᠪ ᠤᠨ ᠨᠠᠮ ᠤᠨ ᠲᠡᠦᠬᠡ ᠪᠠ ᠰᠤᠷᠪᠤᠯᠵᠢ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠤᠯᠤᠰ ᠤᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠬᠡᠷᠡᠭ ᠡᠷᠭᠢᠯᠡᠭᠴᠢᠳ ᠤᠨ ᠳᠠᠷᠤᠭ᠎ᠠ ᠴᠢᠦᠢ ᠴᠢᠩ ᠱᠠᠨ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠪᠠ ᠰᠢᠨ᠎ᠡ ᠳᠤᠮᠳᠠᠳᠤ ᠤᠯᠤᠰ ᠤᠨ ᠲᠡᠦᠬᠡᠨ ᠳᠤ ᠴᠥᠮ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠲᠠ ᠦᠭᠡᠢ ᠠᠭᠢᠳᠠᠭ᠂ ᠮᠥᠨ ᠴᠦ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠬᠦ ᠨᠢ ᠯᠠᠪᠲᠠᠢ ᠶᠤᠮ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠡᠷᠬᠡᠪᠰᠢ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠷᠬᠡᠪᠰᠢ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ ᠤ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃      ᠰᠢᠨᠬᠤᠸᠠ ᠬᠤᠷᠢᠶᠠᠨ ᠤ ᠴᠢᠮᠡᠭᠡᠯᠡᠯ ᠤᠨ ᠬᠤᠷᠢᠶᠠᠨ ᠤ ᠳᠠᠷᠤᠭ᠎ᠠ᠂ ᠰᠢᠨᠬᠤᠸᠠ ᠬᠤᠷᠢᠶᠠᠨ ᠤ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ᠶᠢᠨ ᠡᠷᠳᠡᠮ ᠰᠢᠨᠵᠢᠯᠡᠭᠡᠨ ᠤ ᠵᠥᠪᠯᠡᠯ ᠤᠨ ᠡᠷᠭᠢᠯᠡᠭᠴᠢ ᠹᠦ᠋ ᠬᠤᠸᠠ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠪᠣᠯ ᠲᠡᠦᠬᠡᠲᠦ ᠴᠢᠨᠠᠷᠲᠠᠢ ᠠᠴᠢ ᠬᠤᠯᠪᠣᠭᠳᠠᠯ ᠪᠦᠬᠦᠢ ᠴᠢᠬᠤᠯᠠ ᠬᠤᠷᠠᠯ ᠪᠣᠯᠣᠨ᠎ᠠ᠂ ᠳᠡᠯᠡᠬᠡᠢ ᠨᠡᠶᠢᠭᠡᠮ ᠤᠨ ᠬᠢᠨ ᠤ ᠳᠤᠮᠳᠠᠳᠤ ᠤᠯᠤᠰ ᠢ ᠤᠯᠠᠮ ᠨᠢᠭᠡ ᠠᠯᠬᠤᠮ ᠣᠶᠢᠯᠠᠭᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠣᠶᠢᠯᠠᠭᠠᠬᠤ ᠳᠤ ᠴᠢᠬᠤᠯᠠ ᠴᠣᠩᠬᠤᠪᠴᠢ ᠬᠠᠩᠭᠠᠪᠠ᠃ ᠪᠦᠭᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ 300 ᠭᠠᠷᠤᠢ ᠵᠦᠢᠯ ᠤᠨ ᠴᠢᠬᠤᠯᠠ ᠠᠷᠭ᠎ᠠ ᠬᠡᠮᠵᠢᠶ᠎ᠡ ᠨᠢ ᠴᠥᠮ ︽ᠤᠯᠠᠮ ᠨᠢᠭᠡ ᠠᠯᠬᠤᠮ︾ ᠤᠨ ᠱᠠᠭᠠᠷᠳᠠᠯᠭ᠎ᠠ ᠶᠢ ᠢᠯᠡᠷᠡᠭᠦᠯᠦᠭᠰᠡᠨ ᠶᠤᠮ᠂ ᠤᠯᠠᠮ ᠨᠢᠭᠡ ᠠᠯᠬᠤᠮ ᠠᠤᠭ᠎ᠠ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠥᠭᠡᠷᠡᠴᠢᠯᠡᠯᠲᠡ ᠶᠢᠨ ᠵᠢᠮ᠎ᠡ ᠶᠣᠰᠣ ᠶᠢ ᠢᠯᠡᠷᠡᠭᠦᠯᠬᠦ᠂ ᠭᠤᠣᠯᠳᠠᠯᠭ᠎ᠠ ᠲᠠᠢ ᠬᠦᠷᠢᠶ᠎ᠡ ᠶᠢ ᠲᠤᠪᠤᠶᠢᠯᠭᠠᠬᠤ᠂ ︽ᠡᠴᠦᠰ ᠤᠨ ᠨᠢᠭᠡ ᠺᠢᠯᠣᠮᠧᠲᠷ︾ ᠢ ᠰᠢᠪᠲᠤᠯᠬᠤ᠂ ᠢᠲᠡᠭᠡᠯ ᠵᠣᠷᠢᠭ ᠢᠶᠠᠨ ᠬᠥᠪᠴᠢᠯᠡᠬᠦ ᠶᠢ ᠭᠤᠣᠯᠳᠠᠯᠭ᠎ᠠ ᠲᠠᠢ ᠡᠵᠡᠮᠳᠡᠬᠦ ᠬᠡᠷᠡᠭᠲᠡᠢ᠃ ᠰᠢᠨᠬᠤᠸᠠ ᠬᠤᠷᠢᠶ᠎ᠠ ︽ᠤᠯᠤᠰ ᠤᠨ ᠴᠢᠮᠡᠭᠡᠯᠡᠯ ᠤᠨ ᠬᠤᠷᠢᠶ᠎ᠠ + ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ︾ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤᠴᠢᠯᠠᠭᠤᠷ᠂ ᠤᠶᠤᠨ ᠤ ᠬᠥᠮᠥᠷᠭᠡ ᠲᠠᠢ ᠭᠠᠷ ᠬᠤᠯᠪᠣᠨ ᠨᠡᠩ ᠤᠯᠠᠨ ᠴᠢᠨᠠᠷ ᠰᠠᠶᠢᠲᠠᠢ ᠰᠣᠨᠢᠨ ᠮᠡᠳᠡᠭᠡᠨ ᠤ ᠮᠡᠳᠡᠭᠡᠯᠡᠯ ᠪᠠ ᠰᠤᠳᠤᠯᠭᠠᠨ ᠤ ᠦᠷ᠎ᠡ ᠪᠦᠲᠦᠭᠡᠯ ᠢ ᠭᠠᠷᠭᠠᠨ᠎ᠠ ᠭᠡᠵᠦ ᠢᠯᠡᠳᠬᠡᠪᠡ᠃      ᠰᠢᠨᠬᠤᠸᠠ ᠬᠤᠷᠢᠶᠠᠨ ᠤ ᠶᠡᠷᠦᠩᠬᠡᠢ ᠨᠠᠶᠢᠷᠠᠭᠤᠯᠤᠭᠴᠢ᠂ ᠰᠢᠨᠬᠤᠸᠠ ᠬᠤᠷᠢᠶᠠᠨ ᠤ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ᠶᠢᠨ ᠡᠷᠳᠡᠮ ᠰᠢᠨᠵᠢᠯᠡᠭᠡᠨ ᠤ ᠵᠥᠪᠯᠡᠯ ᠤᠨ ᠳᠡᠳ᠋ ᠡᠷᠭᠢᠯᠡᠭᠴᠢ ᠯᠢᠦᠢ ᠶᠠᠨ ᠰᠦᠩ ᠡᠭᠢᠯᠡᠯᠲᠡ ᠶᠢᠨ ᠶᠣᠰᠣᠯᠠᠯ ᠢ ᠡᠷᠭᠢᠯᠡᠪᠡ᠃      ᠲᠤᠰ ᠤᠳᠠᠭ᠎ᠠ ᠶᠢᠨ ᠭᠤᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠰᠤᠷᠪᠤᠯᠵᠢ ᠪᠢᠴᠢᠭ ᠤᠨ ᠰᠤᠳᠤᠯᠭᠠᠨ ᠤ ᠬᠦᠷᠢᠶᠡᠯᠡᠩ᠂ ᠰᠢᠨᠬᠤᠸᠠ ᠴᠢᠮᠡᠭᠡᠯᠡᠯ ᠤᠨ ᠬᠤᠷᠢᠶ᠎ᠠ ᠬᠠᠮᠲᠤᠷᠠᠨ ᠡᠷᠭᠢᠯᠡᠪᠡ᠃ ᠬᠤᠷᠠᠯ ᠳᠡᠭᠡᠷ᠎ᠡ᠂ ︽ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠠ ᠳᠡᠯᠡᠬᠡᠢ ᠶᠢᠨ ᠬᠤᠪᠢ ᠨᠡᠮᠡᠷᠢ︾ ᠭᠡᠬᠦ ᠣᠶᠤᠨ ᠤ ᠬᠥᠮᠥᠷᠭᠡ ᠶᠢᠨ ᠮᠡᠳᠡᠭᠦᠯᠦᠯᠲᠡ ᠶᠢ ᠬᠢᠲᠠᠳ ᠠᠩᠭ᠍ᠯᠢ ᠭᠡᠯᠡ ᠪᠠᠷ ᠪᠦᠭᠦ ᠪᠥᠮᠪᠥᠷᠴᠡᠭ ᠲᠤ ᠨᠡᠶᠢᠲᠡᠯᠡᠪᠡ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号