ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠳᠦᠷᠢᠮ ᠤᠨ ᠪᠣᠯᠪᠠᠰᠤᠷᠠᠯ ᠤᠨ ᠠᠩᠭᠢ ᠪᠠᠶᠠᠨᠨᠠᠭᠤᠷ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/10
      ᠪᠥᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ ᠪᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠬᠤ ᠶᠢᠨ ᠲᠦᠯᠦᠭᠡ᠂ 9 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠤᠨ ᠪᠣᠯᠪᠠᠰᠤᠷᠠᠯ ᠤᠨ ᠠᠩᠭᠢ ᠶᠢ ᠪᠠᠶᠠᠨᠨᠠᠭᠤᠷ ᠬᠤᠲᠠ ᠳᠤ ᠡᠷᠭᠢᠯᠡᠪᠡ᠃ ᠪᠣᠯᠪᠠᠰᠤᠷᠠᠯ ᠤᠨ ᠠᠩᠭᠢ ᠶᠢ ︽ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠰᠡᠷᠡᠮᠵᠢᠯᠡᠭᠦᠯᠬᠦ ᠬᠥᠮᠦᠵᠢᠯ ᠤᠨ ᠸᠢᠳᠢᠣ᠋ ᠦᠵᠡᠬᠦ + ᠲᠤᠰᠬᠠᠢ ᠮᠡᠷᠭᠡᠵᠢᠯᠲᠡᠨ ᠤ ᠬᠢᠴᠢᠶᠡᠯᠯᠡᠬᠦ + ᠶᠠᠷᠢᠯᠴᠠᠨ ᠰᠣᠯᠢᠯᠴᠠᠬᠤ︾ ᠬᠡᠯᠪᠡᠷᠢ ᠪᠠᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠴᠦᠨ ᠢᠦᠢ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ 12 ᠠᠶᠢᠮᠠᠭ ᠬᠤᠲᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠠᠯᠠᠭᠠᠨ ᠳᠠᠷᠤᠭ᠎ᠠ᠂ 2024 ᠣᠨ ᠤ ᠲᠥᠷᠥᠯ ᠵᠦᠢᠯ ᠢ ᠵᠠᠯᠭᠠᠨ ᠠᠪᠬᠤ 71 ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠰᠤᠭ ᠤᠨ ᠳᠠᠷᠤᠭ᠎ᠠ ᠪᠣᠯᠪᠠᠰᠤᠷᠠᠯ ᠳᠤ ᠣᠷᠣᠯᠴᠠᠪᠠ᠃ 
11.png
       ᠬᠤᠷᠠᠯ ᠳᠤ ᠣᠷᠣᠯᠴᠠᠭᠰᠠᠳ ᠤᠷᠢᠳ ᠬᠤᠵᠢᠳ ᠯᠢᠨ ᠾᠧ ᠲᠣᠭᠤᠷᠢᠭ᠂ ᠬᠠᠩᠭᠢᠨ ᠬᠤᠶᠢᠲᠤ ᠬᠤᠰᠢᠭᠤ᠂ ᠤᠷᠠᠳ ᠤᠨ ᠬᠤᠶᠢᠲᠤ ᠬᠤᠰᠢᠭᠤ ᠂ ᠳ᠋ᠧᠩᠺᠸᠦ ᠰᠢᠶᠠᠨ ᠵᠡᠷᠭᠡ 4 ᠬᠤᠰᠢᠭᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠣᠭᠤᠷᠢᠭ ᠵᠢᠴᠢ ᠳ᠋ᠧᠩᠺᠸᠦ ᠰᠢᠶᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠭᠰᠠᠨ ᠠᠯᠪᠠᠨ ᠲᠢᠩᠬᠢᠮ ᠤᠨ ᠰᠢᠭᠤᠳ ᠡᠷᠬᠢᠯᠡᠬᠦ ᠲᠤᠬᠠᠢ ᠶᠢᠨ ᠲᠠᠯᠠᠪᠤᠷ ᠵᠡᠷᠭᠡ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃ ᠲᠤᠬᠠᠢ ᠶᠢᠨ ᠭᠠᠵᠠᠷ  ᠲᠤᠨᠢ ᠲᠣᠭᠤᠷᠢᠨ ᠦᠵᠡᠬᠦ᠂ ᠲᠤᠬᠠᠢ ᠶᠢᠨ ᠲᠠᠯᠠᠪᠤᠷ  ᠲᠤᠨᠢ ᠰᠣᠯᠢᠯᠴᠠᠬᠤ ᠪᠠᠷ ᠳᠠᠮᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠬᠠᠮᠲᠤ ᠪᠠᠷ ᠶᠠᠷᠢᠯᠴᠠᠪᠠ᠃ 
22.png
  
33.png 
       ᠪᠣᠯᠪᠠᠰᠤᠷᠠᠯ ᠤᠨ ᠠᠩᠭᠢ ᠠᠴᠠ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠤᠨ ᠰᠠᠭᠤᠷᠢ ᠳᠡᠭᠡᠷ᠎ᠡ ᠢᠯᠡᠷᠡᠭᠦᠯᠦᠭᠰᠡᠨ ᠨᠡᠶᠢᠲᠡᠯᠢᠭ ᠠᠰᠠᠭᠤᠳᠠᠯ ᠤᠨ ᠰᠡᠷᠡᠮᠵᠢ ᠶᠢᠨ ᠸᠢᠳᠢᠣ᠋ ᠶᠢ ᠵᠣᠬᠢᠶᠠᠨ ᠪᠠᠶᠢᠭᠤᠯᠤᠨ ᠦᠵᠡᠵᠡᠢ︔ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠪᠡᠯᠡ ᠮᠥᠩᠭᠦ᠂ ᠢᠨᠵᠧᠨᠧᠷᠢᠩ ᠤᠨ ᠶᠠᠰᠤ ᠴᠢᠨᠠᠷ᠂ ᠲᠥᠷᠥᠯ ᠵᠦᠢᠯ ᠤᠨ ᠲᠣᠶᠢᠮᠣ ᠲᠥᠰᠥᠪ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠢᠴᠢᠶᠡᠯᠯᠡᠵᠦ ᠲᠠᠶᠢᠯᠤᠮᠵᠢ ᠬᠢᠪᠡ᠃ 
44.png
       ᠶᠠᠷᠢᠯᠴᠠᠬᠤ ᠬᠤᠷᠠᠯ ᠳᠡᠭᠡᠷ᠎ᠡ 12 ᠠᠶᠢᠮᠠᠭ ᠬᠤᠳᠠ ᠶᠢᠨ ᠬᠢᠨ ᠲᠤᠬᠠᠢ ᠶᠢᠨ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠶᠢᠨ ᠲᠤᠬᠠᠢ ᠶᠠᠷᠢᠶ᠎ᠠ ᠲᠠᠯᠪᠢᠵᠤ ᠶᠠᠷᠢᠯᠴᠠᠪᠠ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠬᠠᠮᠢᠶ᠎ᠠ ᠪᠦᠬᠦᠢ ᠠᠵᠢᠯᠲᠠᠨ ᠶᠠᠷᠢᠶ᠎ᠠ ᠲᠠᠯᠪᠢᠬᠤ ᠶᠢᠨ ᠬᠠᠮᠲᠤ ᠡᠯ᠎ᠡ ᠠᠶᠢᠮᠠᠭ ᠬᠤᠲᠠ ᠶᠢᠨ ᠠᠰᠠᠭᠤᠳᠠᠯ ᠳᠤ ᠬᠠᠷᠢᠭᠤᠯᠲᠠ ᠦᠭᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号