ᠪᠥᠬᠦ ᠣᠷᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠠᠭᠤᠷᠢᠰᠢᠨ ᠠᠵᠢᠯᠯᠠᠬᠤ ᠳᠤ ᠲᠣᠬᠢᠷᠠᠮᠵᠢᠲᠠᠢ ᠠᠮᠤᠭᠤᠯᠠᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/13
      ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠠᠭᠤᠷᠢᠰᠢᠨ ᠠᠵᠢᠯᠯᠠᠬᠤ ᠳᠤ ᠲᠣᠬᠢᠷᠠᠮᠵᠢᠲᠠᠢ ᠠᠮᠤᠭᠤᠯᠠᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠠᠭᠤᠷᠢᠰᠢᠨ ᠠᠵᠢᠯᠯᠠᠬᠤ ᠳᠤ ᠲᠣᠬᠢᠷᠠᠮᠵᠢᠲᠠᠢ ᠠᠮᠤᠭᠤᠯᠠᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠪᠣᠯᠪᠠᠰᠤᠷᠠᠯ ᠤᠨ ᠠᠩᠭᠢ ᠶᠢ ︽ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠲᠥᠪᠯᠡᠷᠡᠭᠦᠯᠦᠨ ᠬᠢᠴᠢᠶᠡᠯᠯᠡᠬᠦ + ᠶᠠᠷᠢᠯᠴᠠᠨ ᠰᠣᠯᠢᠯᠴᠠᠬᠤ︾ ᠬᠡᠯᠪᠡᠷᠢ ᠪᠠᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠭᠡᠵᠢᠩ ᠬᠤᠲᠠ ᠶᠢᠨ ᠳᠣᠯᠣᠳᠤᠭᠠᠷ ᠪᠦᠯᠦᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠥᠪᠥᠷ ᠮᠣᠩᠭᠤᠯ ᠤᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠳᠠᠭᠠᠭᠤᠯᠤᠭᠴᠢ ᠭᠧ ᠵᠢᠶᠦ᠋ᠨ ᠺᠠᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
11.jpg
       ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠷᠢᠳ ᠬᠤᠵᠢᠳ ᠨᠢᠩᠴᠧᠩ ᠰᠢᠶᠠᠨ ᠤ ᠲᠦᠮᠡᠨ ᠮᠦ ᠣᠶ ᠵᠢᠮᠢᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ ᠲᠣᠭᠤᠷᠢᠭ᠂ ᠬᠠᠷᠠᠴᠢᠨ ᠬᠤᠰᠢᠭᠤᠨ ᠤ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠦ ᠮᠦ ᠾᠧ ᠶᠠ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠤ ᠦᠢᠯᠡᠰ ᠤᠨ ᠲᠥᠷᠥᠯ ᠵᠦᠢᠯ ᠢ ᠲᠣᠭᠤᠷᠢᠨ ᠦᠵᠡᠵᠦ᠂ ᠵᠢᠨᠱᠠᠨ ᠪᠠᠯᠭᠠᠰᠤᠨ ᠤ ᠮᠠ ᠠᠨ ᠱᠠᠨ ᠲᠣᠰᠬᠤᠨ ᠪᠣᠯᠣᠨ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ ᠭᠠᠵᠠᠷ ᠢᠶᠠᠷ ᠬᠦᠷᠴᠦ ᠪᠣᠳᠠᠲᠠᠢ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠪᠣᠯᠪᠠᠰᠤᠷᠠᠯ ᠤᠨ ᠠᠩᠭᠢ ᠳᠤ᠂ ᠵᠧᠵᠢᠶᠠᠩ ᠮᠤᠵᠢ ᠶᠢᠨ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠣᠨᠴᠠ ᠤᠷᠢᠭᠰᠠᠨ ᠰᠤᠳᠤᠯᠤᠭᠴᠢ ᠯᠧᠦ ᠡᠾᠤᠸᠧ ᠮᠢᠩ᠂ ᠪᠡᠭᠡᠵᠢᠩ ᠶᠡᠭᠡ ᠰᠤᠷᠭᠠᠭᠤᠯᠢ ᠶᠢᠨ ᠣᠨᠴᠠ ᠤᠷᠢᠭᠰᠠᠨ ᠯᠧᠺᠲ᠋ᠣᠷ  ᠹᠠᠨ ᠭᠦᠸᠧ ᠬᠦᠢ ᠲᠤᠰ ᠲᠤᠰ ︽︿ᠮᠢᠩᠭᠠᠨ ᠲᠦᠮᠡᠨ ᠢᠨᠵᠧᠨᠧᠷᠢᠩ﹀ ᠤᠨ ᠲᠤᠷᠰᠢᠯᠭ᠎ᠠ ᠪᠠᠷ ᠰᠠᠭᠤᠷᠢᠰᠢᠨ ᠠᠵᠢᠯᠯᠠᠬᠤ ᠳᠤ ᠲᠣᠬᠢᠷᠠᠮᠵᠢᠲᠠᠢ ᠠᠮᠤᠭᠤᠯᠠᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠪᠣᠯᠣᠨ ︽ᠬᠥᠳᠡᠭᠡ ᠲᠣᠰᠬᠤᠨ ᠤ ᠡᠵᠡᠩᠨᠡᠯᠲᠡ ᠶᠢᠨ ᠵᠠᠭᠪᠤᠷ ᠤᠨ ᠦᠢᠯᠡᠳᠦᠯᠭᠡ︾  ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠭᠦᠷᠭᠡ ᠲᠠᠢ 7 ᠠᠶᠢᠮᠠᠭ ᠬᠤᠲᠠ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠥᠷᠨᠢᠭᠦᠯᠦᠭᠰᠡᠨ ᠪᠠᠶᠢᠳᠠᠯ᠂ ᠢᠯᠠᠩᠭᠤᠶ᠎ᠠ ᠰᠠᠭᠤᠷᠢᠰᠢᠨ ᠠᠵᠢᠯᠯᠠᠬᠤ ᠳᠤ ᠲᠣᠬᠢᠷᠠᠮᠵᠢᠲᠠᠢ ᠠᠮᠤᠭᠤᠯᠠᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠧ ᠵᠢᠶᠦ᠋ᠨ ᠺᠠᠢ ᠠᠴᠠ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠮᠣᠩᠭᠤᠯ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠭᠰᠠᠨ ᠪᠠᠶᠢᠳᠠᠯ ᠢ ᠤᠯᠠᠮᠵᠢᠯᠠᠬᠤ ᠶᠢᠨ ᠬᠠᠮᠲᠤ ᠪᠡᠭᠡᠵᠢᠩ ᠤᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷᠴᠤᠳ ᠲᠤ ᠠᠵᠢᠯ ᠤᠨ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
22.jpg
       ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠨᠡᠶᠢᠳᠡᠮ ᠲᠤᠰᠬᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠳᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠮᠥᠷᠲᠡᠭᠡᠨ ᠪᠠᠰᠠ ᠬᠡᠷᠡᠭ ᠤᠨ ᠵᠢᠱᠢᠶ᠎ᠡ ᠶᠢ ᠬᠤᠪᠢᠶᠠᠨ ᠡᠳ᠋ᠯᠡᠬᠦ ᠪᠠ ᠰᠣᠯᠢᠯᠴᠠᠨ ᠰᠤᠳᠤᠯᠤᠨ ᠶᠠᠷᠢᠯᠴᠠᠵᠤ᠂ ᠠᠭᠤᠯᠭ᠎ᠠ ᠪᠠᠷ ᠪᠠᠶᠠᠯᠢᠭ᠂ ᠬᠢᠴᠢᠶᠡᠯᠯᠡᠬᠦ ᠲᠤᠰᠬᠠᠢ ᠮᠡᠷᠭᠡᠵᠢᠯ᠂ ᠬᠠᠨᠳᠤᠯᠭᠠᠲᠤ ᠴᠢᠨᠠᠷ ᠢᠶᠠᠷ ᠮᠠᠰᠢ ᠴᠢᠩᠭ᠎ᠠ ᠪᠠᠶᠢᠵᠤ᠂ ᠣᠷᠣᠰᠢᠨ ᠰᠠᠭᠤᠵᠤ ᠠᠵᠢᠯᠯᠠᠬᠤ ᠳᠤ ᠲᠣᠬᠢᠷᠠᠮᠵᠢᠲᠠᠢ ᠪᠠ ᠠᠮᠤᠭᠤᠯᠠᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠤᠷᠤᠯᠴᠠᠵᠤ᠂ ᠰᠣᠯᠢᠯᠴᠠᠨ᠂ ᠬᠠᠷᠢᠯᠴᠠᠨ ᠲᠣᠯᠢᠯᠠᠬᠤ ᠵᠣᠷᠢᠯᠭ᠎ᠠ ᠳᠤ ᠭᠦᠷᠦᠭᠰᠡᠨ ᠪᠠᠶᠢᠨ᠎ᠠ᠃      ᠪᠡᠭᠡᠵᠢᠩ ᠬᠤᠳᠠ ᠶᠢᠨ ᠳᠣᠯᠣᠳᠤᠭᠠᠷ ᠪᠦᠯᠦᠭ ᠤᠨ ᠥᠪᠥᠷ ᠮᠣᠩᠭᠤᠯ ᠢ ᠲᠤᠰᠠᠯᠠᠨ ᠲᠦᠷ ᠴᠠᠭ ᠲᠤᠰᠢᠶᠠᠯ ᠡᠭᠦᠷᠭᠡᠯᠡᠭᠦᠯᠦᠭᠰᠡᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠺᠠᠳ᠋ᠷ ᠵᠢᠴᠢ 31 ᠬᠤᠰᠢᠭᠤ ᠰᠢᠶᠠᠨ ᠤ ᠲᠦᠷ ᠴᠠᠭ ᠲᠤᠰᠢᠶᠠᠯ ᠡᠭᠦᠷᠭᠡᠯᠡᠭᠰᠡᠨ ᠳᠡᠳ᠋ ᠬᠤᠰᠢᠭᠤ ᠰᠢᠶᠠᠨ ᠤ ᠳᠠᠷᠤᠭ᠎ᠠ᠂ ᠪᠡᠭᠡᠵᠢᠩ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠤᠨ ᠡᠭᠦᠷᠭᠡ ᠶᠢ ᠡᠭᠦᠷᠭᠡᠯᠡᠭᠰᠡᠨ 7 ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ᠂ ᠲᠤᠬᠠᠶᠢᠯᠠᠭᠰᠠᠨ ᠠᠵᠢᠯ ᠤᠨ ᠰᠠᠯᠠᠭᠠᠨ ᠳᠠᠷᠤᠭ᠎ᠠ᠂ 31 ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ ᠵᠡᠷᠭᠡ 90 ᠭᠠᠷᠤᠢ ᠬᠥᠮᠥᠨ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号