ᠪᠦᠬᠦ ᠤᠯᠤᠰ ᠤᠨ ᠨᠠᠮᠤᠷ ᠤᠨ ᠠᠮᠤ ᠪᠤᠳᠠᠭ᠎ᠠ ᠵᠢᠴᠢ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢᠨ ᠪᠠᠶᠢᠳᠠᠯ ᠤᠨ ᠬᠤᠳᠠᠯᠳᠤᠭᠠᠴᠢᠨ ᠴᠤᠭᠯᠠᠭᠤᠯᠬᠤ ᠬᠤᠷᠠᠯ ᠥᠪᠥᠷ ᠮᠣᠩᠭᠤᠯ ᠤᠨ ᠪᠤᠭᠤᠲᠤ ᠬᠤᠳᠠ ᠳᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 12 ᠤᠨ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠪᠤᠭᠤᠲᠤ ᠬᠤᠲᠠ ᠳᠤ ᠪᠥᠬᠦ ᠤᠯᠤᠰ ᠤᠨ ᠨᠠᠮᠤᠷ ᠤᠨ ᠠᠮᠤ ᠪᠤᠳᠠᠭ᠎ᠠ ᠵᠢᠴᠢ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢᠨ ᠪᠠᠶᠢᠳᠠᠯ ᠤᠨ ᠬᠤᠳᠠᠯᠳᠤᠭᠠᠴᠢᠨ ᠴᠤᠭᠯᠠᠭᠤᠯᠬᠤ ᠬᠤᠷᠠᠯ ᠡᠷᠭᠢᠯᠡᠵᠦ᠂ ᠲᠤᠬᠠᠢ ᠶᠢᠨ ᠲᠠᠯᠠᠪᠤᠷ ᠲᠤ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠠᠮᠤ ᠲᠣᠰᠣᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠤᠷᠭᠤᠴᠠ ᠶᠢᠨ ᠪᠠᠶᠢᠳᠠᠯ ᠪᠠ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠦᠵᠡᠪᠡ᠃ 
111.jpg
       ᠪᠦᠬᠦ ᠤᠯᠤᠰ ᠤᠨ 31 ᠮᠤᠵᠢ ᠣᠷᠣᠨ ᠤ ᠲᠠᠷᠢᠮᠠᠯ ᠤᠨ ᠦᠢᠯᠡᠰ ᠤᠨ ᠰᠠᠯᠠᠭ᠎ᠠ ᠮᠥᠴᠢᠷ ᠤᠨ ᠲᠥᠯᠥᠭᠡᠯᠡᠭᠴᠢ ᠲᠤᠬᠠᠢ ᠶᠢᠨ ᠭᠠᠵᠠᠷ ᠲᠤᠨᠢ ᠲᠦᠮᠡᠳ ᠪᠠᠷᠠᠭᠤᠨ ᠬᠤᠰᠢᠭᠤᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ ᠲᠣᠭᠤᠷᠢᠨ ᠦᠵᠡᠵᠦ᠂ ᠡᠷᠳᠡᠨᠢ ᠰᠢᠰᠢ ᠶᠢ ᠨᠢᠭᠲᠠ ᠲᠠᠷᠢᠬᠤ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ᠂ ᠣᠶᠤᠨᠲᠤ ᠲᠠᠷᠢᠶᠠᠯᠠᠩ ᠤᠨ ᠡᠵᠡᠮᠳᠡᠯ ᠤᠨ ᠲᠠᠪᠴᠠᠩ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠵᠡᠭᠦᠯᠭᠡ ᠶᠢᠨ ᠣᠷᠣᠨ᠂ ᠥᠨᠳᠥᠷ ᠦᠷ᠎ᠡ ᠠᠰᠢᠭᠲᠤ ᠲᠠᠷᠢᠶᠠᠯᠠᠩ ᠤᠨ ᠮᠠᠰᠢᠨ ᠤ ᠦᠵᠡᠭᠦᠯᠭᠡ ᠶᠢᠨ ᠣᠷᠣᠨ᠂ ᠰᠢᠷ᠎ᠠ ᠪᠤᠷᠴᠠᠭ ᠤᠨ ᠡᠷᠳᠡᠨᠢ ᠰᠢᠰᠢ ᠶᠢ ᠨᠡᠶᠢᠯᠡᠭᠦᠯᠦᠨ ᠲᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ᠂ ᠪᠤᠭᠤᠳᠠᠢ ᠶᠢᠨ ᠲᠠᠷᠢᠶᠠᠨ ᠤ ᠳᠠᠬᠢᠨ ᠲᠠᠷᠢᠬᠤ ᠨᠣᠭᠤᠭᠠᠨ ᠪᠣᠷᠳᠣᠭᠤᠷ ᠤᠨ ᠣᠷᠣᠨ᠂ ᠬᠠᠲᠤᠨ ᠭᠤᠣᠯ ᠤᠨ ᠤᠰᠤᠯᠠᠯᠲᠠ ᠶᠢᠨ ᠣᠷᠣᠨ ᠤ ᠥᠨᠳᠥᠷ ᠦᠷ᠎ᠡ ᠠᠰᠢᠭᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ᠂ ᠪᠠᠭ᠎ᠠ ᠤᠷᠤᠰᠬᠠᠯ ᠳᠤᠰᠤᠯᠭᠠᠨ ᠤᠰᠤᠯᠠᠬᠤ ᠮᠡᠷᠭᠡᠵᠢᠯ ᠤᠨ ᠦᠵᠡᠭᠦᠯᠭᠡ ᠪᠠ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠮᠡᠷᠭᠡᠵᠢᠯ ᠵᠡᠷᠭᠡ 9 ᠵᠢᠱᠢᠶ᠎ᠡ ᠦᠵᠡᠭᠦᠯᠬᠦ ᠣᠷᠣᠨ ᠢ ᠨᠠᠷᠢᠨ ᠣᠶᠢᠯᠠᠭᠠᠪᠠ᠃ ᠡᠷᠳᠡᠨᠢ ᠰᠢᠰᠢ ᠶᠢᠨ ᠨᠢᠭᠲᠠ ᠳᠠᠭᠠᠭᠠᠮᠠᠭᠠᠢ ᠡᠭᠦᠯᠳᠡᠷ᠂ ᠡᠷᠳᠡᠨᠢ ᠰᠢᠰᠢ ᠶᠢ ᠨᠢᠭᠲᠠ ᠲᠠᠷᠢᠬᠤ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠨᠡᠶᠢᠯᠡᠮᠡᠯ ᠲᠠᠷᠢᠶᠠᠯᠠᠭ᠎ᠠ ᠶᠢᠨ ᠮᠡᠷᠭᠡᠵᠢᠯ᠂ ᠲᠠᠷᠢᠶᠠᠯᠠᠩ ᠤᠨ ᠤᠰᠤ ᠠᠷᠪᠢᠯᠠᠬᠤ ᠵᠢᠱᠢᠶ᠎ᠡ ᠦᠵᠡᠭᠦᠯᠬᠦ ᠮᠡᠷᠭᠡᠵᠢᠯ ᠵᠡᠷᠭᠡ ᠶᠢ ᠭᠤᠣᠯᠳᠠᠯᠭ᠎ᠠ ᠲᠠᠢ ᠪᠠᠷ ᠲᠣᠭᠤᠷᠢᠨ ᠦᠵᠡᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠸᠠᠩ ᠺᠧ ᠷᠦ᠋ ᠲᠤᠬᠠᠢ ᠶᠢᠨ ᠲᠠᠯᠠᠪᠠᠢ ᠳᠤ ᠣᠳᠣᠬᠠᠨ ᠤ ᠡᠷᠳᠡᠨᠢ ᠰᠢᠰᠢ ᠶᠢ ᠨᠢᠭᠲᠠ ᠲᠠᠷᠢᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠵᠢᠴᠢ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠦᠵᠡᠭᠦᠯᠬᠦ ᠦᠢᠯᠡᠳᠦᠯ ᠢ ᠲᠠᠶᠢᠯᠪᠤᠷᠢᠯᠠᠵᠠᠢ᠃ 
222.jpg
       ᠰᠤᠷᠪᠤᠯᠵᠢᠯᠠᠭᠴᠢ ᠲᠣᠭᠤᠷᠢᠨ ᠦᠵᠡᠬᠦ ᠲᠤᠬᠠᠢ ᠶᠢᠨ ᠲᠠᠯᠠᠪᠠᠢ ᠠᠴᠠ ᠣᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ 20 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠠᠮᠤ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠳᠡ 1040 ᠲᠦᠮᠡᠨ ᠮᠦ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ︽ᠶᠢᠰᠦ ᠪᠠᠶᠢᠬᠤ︾ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ 33 ᠪᠠᠶᠢᠭᠤᠯᠵᠤ᠂ ︽ᠭᠤᠷᠪᠠᠨ ᠲᠠᠷᠢᠶ᠎ᠠ ᠬᠤᠶᠠᠷ ᠲᠣᠭᠤᠷᠢᠭ ᠲᠦᠷᠪᠡᠨ ᠲᠤᠯᠭᠠᠭᠤᠷᠢᠯᠠᠯ︾ ︵︽ᠭᠤᠷᠪᠠᠨ ᠲᠠᠷᠢᠶ᠎ᠠ ᠬᠤᠶᠠᠷ ᠲᠣᠭᠤᠷᠢᠭ ᠲᠦᠷᠪᠡᠨ ᠲᠤᠯᠭᠠᠭᠤᠷᠢᠯᠠᠯ︾ ᠭᠡᠳᠡᠭ ᠨᠢ ᠬᠦᠷᠢᠶᠡᠯᠡᠩ ᠲᠣᠭᠤᠷᠢᠭ ᠲᠤ ᠭᠤᠷᠪᠠᠨ ᠲᠠᠷᠢᠶ᠎ᠠ᠄ ᠥᠨᠳᠥᠷ ᠪᠠᠷᠢᠮᠵᠢᠶᠠᠲᠤ ᠲᠠᠷᠢᠶ᠎ᠠ᠂ ᠦᠷ᠎ᠡ ᠰᠤᠩᠭᠤᠬᠤ ᠲᠠᠷᠢᠶ᠎ᠠ᠂ ᠰᠠᠶᠢᠨ ᠵᠠᠪᠰᠢᠶᠠᠨ ᠲᠠᠢ ᠲᠠᠷᠢᠶ᠎ᠠ᠃ ᠬᠤᠶᠠᠷ ᠲᠣᠭᠤᠷᠢᠭ᠄ ᠳᠥᠷᠪᠡ ᠶᠢ ᠬᠢᠵᠠᠭᠠᠷᠯᠠᠬᠤ ᠲᠣᠭᠤᠷᠢᠭ᠂ ᠨᠡᠶᠢᠭᠡᠮ ᠤᠨ ᠦᠢᠯᠡᠴᠢᠯᠡᠭᠡᠨ ᠤ ᠲᠣᠭᠤᠷᠢᠭ᠃ ᠳᠥᠷᠪᠡᠨ ᠲᠤᠯᠭᠠᠭᠤᠷᠢᠯᠠᠯ᠄ ᠴᠢᠳᠠᠪᠤᠷᠢᠲᠠᠨ᠂ ᠮᠡᠷᠭᠡᠵᠢᠯ᠂ ᠲᠥᠷᠥ ᠶᠢᠨ ᠪᠣᠳᠣᠯᠭ᠎ᠠ᠂ ᠲᠣᠭᠲᠠᠴᠠ ᠶᠢᠨ ᠲᠤᠯᠭᠠᠭᠤᠷᠢᠯᠠᠯ︶ ᠢ ᠲᠡᠭᠡᠭᠰᠢᠯᠡᠭᠦᠯᠪᠡ᠃ ᠢᠯᠠᠩᠭᠤᠶ᠎ᠠ 405 ᠲᠦᠮᠡᠨ ᠮᠦ ᠤᠯᠤᠰ ᠤᠨ ᠡᠷᠳᠡᠨᠢ ᠰᠢᠰᠢ ᠪᠠ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠡᠭᠦᠷᠭᠡᠯᠡᠵᠦ᠂ ᠡᠭᠦᠷᠭᠡ ᠶᠢᠨ ᠬᠡᠮᠵᠢᠶ᠎ᠡ ᠪᠠ ᠪᠡᠯᠡ ᠮᠥᠩᠭᠦ ᠶᠢᠨ ᠬᠡᠮᠵᠢᠶ᠎ᠡ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠨ᠎ᠠ︔ ᠡᠭᠦᠨ ᠤ ᠬᠠᠮᠲᠤ 7 ᠲᠠᠷᠢᠮᠠᠯ ᠤᠨ ᠦᠢᠯᠡᠰ ᠤᠨ ᠬᠦᠷᠢᠶ᠎ᠡ ᠴᠠᠷᠠᠭᠠᠨ ᠳᠤ ᠤᠯᠤᠰ ᠤᠨ ᠳᠡᠰ ᠤᠨ ᠠᠺᠠᠳᠧᠮᠢᠴᠢ ︵ᠲᠤᠰᠬᠠᠢ ᠮᠡᠷᠭᠡᠵᠢᠯᠲᠡᠨ︶ ᠶᠢᠨ ᠪᠦᠯᠬᠦᠮ ᠲᠠᠢ ᠬᠠᠮᠲᠤᠷᠠᠨ ᠠᠵᠢᠯᠯᠠᠵᠤ᠂ ᠪᠦᠬᠦ ᠵᠢᠯ ᠳᠤ 850 ᠲᠦᠮᠡᠨ ᠮᠦ ᠲᠣᠨ ᠠᠮᠤ ᠶᠢᠨ ᠲᠠᠷᠢᠶ᠎ᠠ ᠶᠢ ᠡᠭᠦᠳᠦᠨ ᠪᠠᠶᠢᠭᠤᠯᠪᠠ᠃ ᠲᠤᠬᠠᠢ ᠶᠢᠨ ᠲᠠᠯᠠᠪᠠᠶ ᠳᠤ ᠲᠣᠭᠤᠷᠢᠨ ᠦᠵᠡᠭᠰᠡᠨ ᠲᠦᠮᠡᠳ ᠪᠠᠷᠠᠭᠤᠨ ᠬᠤᠰᠢᠭᠤᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯ ᠳᠠᠷᠤᠢ ᠨᠢᠭᠡᠨ ᠨᠡᠶᠢᠲᠡᠯᠢᠭ ᠵᠢᠱᠢᠶ᠎ᠡ ᠪᠣᠯᠣᠨ᠎ᠠ᠃ ᠲᠣᠰ ᠤᠳᠠᠭ᠎ᠠ ᠶᠢᠨ ᠡᠯ᠎ᠡ ᠮᠤᠵᠢ ᠣᠷᠣᠨ ᠤ ᠲᠥᠯᠥᠭᠡᠯᠡᠭᠴᠢ ᠲᠦᠮᠡᠳ ᠪᠠᠷᠠᠭᠤᠨ ᠬᠤᠰᠢᠭᠤᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠬᠦᠯᠬᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢᠶᠠᠷ ᠲᠣᠭᠤᠷᠢᠨ ᠦᠵᠡᠵᠦ᠂ ᠡᠷᠳᠡᠨᠢ ᠰᠢᠰᠢ ᠶᠢ ᠨᠢᠭᠲᠠ ᠳᠠᠷᠢᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ᠂ ᠥᠨᠳᠥᠷ ᠪᠦᠲᠦᠮᠵᠢᠲᠡᠶ ᠲᠠᠷᠢᠶᠠᠯᠠᠩ ᠤᠨ ᠮᠠᠰᠢᠨ᠂ ᠣᠶᠤᠨᠲᠤ ᠲᠠᠷᠢᠶᠠᠯᠠᠩ ᠤᠨ ᠡᠵᠡᠮᠳᠡᠯ ᠤᠨ ᠨᠠᠷᠢᠯᠢᠭ ᠣᠨᠣᠴᠠᠲᠠᠢ ᠪᠠᠷ ᠤᠰᠤ ᠪᠣᠷᠳᠣᠭᠤᠷ ᠤᠨ ᠬᠠᠮᠢᠶᠠᠷᠤᠯᠲᠠ ᠵᠡᠷᠭᠡ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠡᠷᠢᠭᠦᠨ ᠤ ᠮᠡᠷᠭᠡᠵᠢᠯ ᠢ ᠳᠡᠯᠭᠡᠨ ᠦᠵᠡᠭᠦᠯᠵᠦ᠂ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠪᠠᠷ ᠳᠡᠮᠵᠢᠨ ︽ᠶᠢᠰᠦ ᠪᠠᠶᠢᠬᠤ︾ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠭᠰᠠᠨ ᠪᠠᠶᠢᠨ᠎ᠠ᠃
333.jpg
       ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠨᠥᠬᠦᠳ ᠥᠪᠥᠷ ᠮᠣᠩᠭᠤᠯ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠥᠷᠨᠢᠭᠦᠯᠦᠭᠰᠡᠨ ᠢ ᠭᠦᠢᠴᠡᠳ ᠨᠤᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠦᠢ ᠵᠣᠬᠢᠰᠲᠠᠢ ᠨᠢᠭᠲᠠ ᠳᠠᠷᠢᠬᠤ ᠪᠠ ᠤᠰᠤ ᠪᠣᠷᠳᠣᠭᠤᠷ ᠨᠡᠮᠡᠬᠦ ᠶᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ︔ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠡᠨᠡᠬᠦ ᠬᠥᠪᠴᠢ ᠶᠢ ᠦᠷᠭᠦᠯᠵᠢᠯᠡᠨ ᠴᠢᠩᠭᠠᠷᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠨᠢᠭᠡᠪᠦᠷᠢ ᠶᠢ ᠴᠢᠩᠭ᠎ᠠ ᠠᠩᠬᠠᠷᠴᠤ᠂ ᠠᠵᠢᠯ ᠨᠢᠭᠡᠪᠦᠷᠢ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠨᠠᠮᠤᠷ ᠤᠨ ᠠᠮᠤ ᠪᠤᠳᠠᠭ᠎ᠠ ᠪᠣᠯᠣᠨ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
444.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号