ᠮᠠᠨ ᠤ ᠤᠷᠤᠨ ᠤ ᠨᠠᠷᠠᠲᠤ ᠣᠨᠴᠠ ᠰᠢᠯᠢᠳᠡᠭ ᠰᠢᠨ᠎ᠡ ᠵᠢᠴᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ 2024 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/9/14
      9 ᠰᠠᠷ᠎ᠠ ᠶᠢᠨ 10 ᠤ ᠡᠳᠦᠷ᠂ 2024 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠱᠠᠨᠳᠦ᠋ᠩ ᠮᠤᠵᠢ ᠶᠢᠨ ᠵᠢᠨᠠᠨ ᠬᠤᠲᠠ ᠶᠢᠨ ᠬᠠᠲᠤᠨ ᠭᠤᠣᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠠᠢ ᠱᠠᠨ᠂ ᠲᠢᠩᠬᠢᠮ ᠤᠨ ᠬᠢᠨᠠᠨ ᠬᠠᠮᠢᠶᠠᠷᠬᠤ ᠭᠠᠵᠠᠷ ᠤᠨ ᠳᠠᠷᠤᠭ᠎ᠠ ᠰᠢᠦᠢ ᠵᠢᠶᠠᠨ ᠬᠤᠸᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠡᠷᠬᠢᠯᠡᠭᠴᠢ ᠪᠦᠦ ᠢᠦᠢ ᠱᠠᠨ᠂ ᠳᠡᠳ᠋ ᠡᠷᠬᠢᠯᠡᠭᠴᠢ ᠶᠦᠨ ᠶᠠᠨ ᠴᠦᠨ ᠵᠡᠷᠭᠡ ᠤᠳᠤᠷᠢᠳᠤᠯᠭ᠎ᠠ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠲᠤ ᠬᠦᠷᠴᠦ ᠲᠣᠭᠤᠷᠢᠨ ᠦᠵᠡᠵᠦ᠂ ᠥᠪᠥᠷ ᠮᠣᠩᠭᠤᠯ ᠤᠨ ᠨᠠᠷᠠᠲᠤ ᠣᠨᠴᠠ ᠰᠢᠯᠢᠳᠡᠭ ᠰᠢᠨ᠎ᠡ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠦᠷ᠎ᠡ ᠪᠦᠲᠦᠭᠡᠯ ᠢ ᠨᠠᠷᠢᠨ ᠣᠶᠢᠯᠠᠭᠠᠭᠰᠠᠨ ᠤ ᠬᠠᠮᠲᠤ ᠤᠷᠢᠯᠭ᠎ᠠ ᠪᠠᠷ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠮᠢᠬᠠᠨ ᠤ ᠵᠦᠢᠯ ᠤᠨ ᠠᠵᠤ ᠦᠢᠯᠡᠳᠪᠦᠷᠢ ᠶᠢᠨ ᠦᠵᠡᠰᠬᠦᠯᠡᠩ ᠵᠢᠴᠢ 2024 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
图片1.png
 
图片2.png
       ᠲᠤᠰ ᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠢᠯᠯᠠᠭ᠎ᠠ ᠳᠤ ᠥᠪᠥᠷ ᠮᠣᠩᠭᠤᠯ ᠤᠨ ᠦᠵᠡᠭᠦᠯᠭᠡ ᠶᠢᠨ ᠪᠦᠯᠬᠦᠮ ᠨᠡᠶᠢᠲᠡ 84 ᠵᠦᠢᠯ ᠤᠨ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠦᠵᠡᠭᠦᠯᠭᠡ ᠶᠢᠨ ᠲᠣᠭᠤᠷᠢᠭ ᠤᠨ ᠲᠠᠯᠠᠪᠠᠶ ᠨᠢ 108 ᠲᠡᠭᠰᠢ ᠳᠥᠷᠪᠡᠯᠵᠢᠨ ᠮᠧᠲᠷ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠣᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠪᠣᠯᠭᠠᠵᠤ᠂ ᠬᠥᠭᠵᠢᠯᠲᠡ ᠶᠢᠨ ᠳᠠᠯᠳᠠ ᠬᠦᠴᠦᠨ ᠲᠠᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠵᠢᠴᠢ ᠲᠤᠰᠬᠠᠢ ᠠᠵᠢᠯ ᠤᠨ ᠬᠤᠷᠰᠢᠶ᠎ᠠ ᠶᠢ ᠬᠠᠮᠲᠤ ᠳᠤᠨᠢ ᠬᠠᠷᠠᠭᠠᠯᠵᠠᠵᠤ᠂ ᠨᠡᠶᠢᠲᠡ 80 ᠭᠠᠷᠤᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠵᠡᠰᠬᠦᠯᠡᠩ ᠳᠤ ᠣᠷᠣᠯᠴᠠᠭᠤᠯᠵᠤ᠂ ᠪᠠᠶᠠᠨᠨᠠᠭᠤᠷ ᠬᠤᠲᠠ ᠶᠢᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠲᠤᠰᠬᠠᠢ ᠲᠠᠨᠢᠯᠴᠠᠭᠤᠯᠭ᠎ᠠ ᠬᠢᠵᠦ᠂ ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢᠨ ᠯᠤᠲᠤ ᠶᠡᠭᠡ ᠨᠥᠯᠥᠭᠡᠯᠡᠬᠦ ᠬᠦᠴᠦᠨ ᠢ ᠠᠰᠢᠭᠯᠠᠨ᠂ ᠥᠪᠥᠷ ᠮᠣᠩᠭᠤᠯ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠢᠨᠵᠧᠨᠧᠷᠢᠩ ᠤᠨ ᠥᠷᠭᠡᠴᠡ ᠶᠢ ᠬᠦᠴᠦᠲᠡᠢ ᠥᠷᠭᠡᠳᠬᠡᠵᠦ᠂ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠢ ᠨᠡᠩ ᠥᠨᠳᠥᠷ ᠨᠡᠩ ᠥᠷᠭᠡᠨ ᠲᠠᠪᠴᠠᠩ ᠳᠡᠭᠡᠷ᠎ᠡ ᠵᠣᠭᠰᠣᠭᠠᠵᠤ᠂ ᠠᠳᠠᠯᠢ ᠪᠤᠰᠤ ᠳᠠᠪᠬᠤᠷᠭ᠎ᠠ ᠳᠤ ᠳᠡᠯᠭᠡᠨ ᠦᠵᠡᠭᠦᠯᠬᠦ ᠪᠠᠷ ᠳᠠᠮᠵᠢᠭᠤᠯᠵᠤ᠂ ᠪᠦᠲᠦᠭᠡᠭᠳᠡᠬᠦᠨ ᠢ ᠭᠠᠳᠠᠭᠰᠢ ᠭᠠᠷᠭᠠᠬᠤ ᠠᠷᠭ᠎ᠠ ᠵᠠᠮ ᠢ ᠥᠷᠭᠡᠳᠬᠡᠵᠦ᠂ ᠥᠪᠥᠷ ᠮᠣᠩᠭᠤᠯ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠳᠤ ᠰᠢᠨ᠎ᠡ ᠰᠢᠪᠲᠤᠯᠤᠯᠲᠠ ᠲᠠᠢ ᠪᠣᠯᠭᠠᠭᠰᠠᠨ ᠪᠠᠶᠢᠨ᠎ᠠ᠃ ᠥᠪᠥᠷ ᠮᠣᠩᠭᠤᠯ ᠤᠨ ᠦᠵᠡᠰᠬᠦᠯᠡᠩ ᠤᠨ ᠲᠤᠬᠠᠢ ᠶᠢᠨ ᠲᠠᠯᠠᠪᠠᠢ ᠬᠥᠮᠥᠰ ᠤᠨ ᠬᠦᠷᠢᠶᠡᠯᠡᠯ ᠢ ᠬᠠᠮᠤᠭ ᠠᠴᠠ ᠢᠯᠡᠭᠦᠦ ᠣᠯᠵᠤ᠂ ᠬᠥᠮᠥᠰ ᠤᠨ ᠤᠷᠤᠰᠬᠠᠯ ᠬᠠᠮᠤᠭ ᠠᠴᠠ ᠤᠯᠠᠨ᠂ ᠦᠷ᠎ᠡ ᠪᠦᠲᠦᠮᠵᠢ ᠬᠠᠮᠤᠭ ᠠᠴᠠ ᠰᠠᠶᠢᠨ ᠪᠠᠶᠢᠯ᠎ᠠ᠃ ᠵᠣᠬᠢᠶᠠᠨ ᠪᠠᠶᠢᠭᠤᠯᠬᠤ ᠺᠣᠮᠢᠰ ᠤᠨ ᠰᠢᠯᠭᠠᠷᠠᠭᠤᠯᠤᠯᠲᠠ ᠪᠠᠷ ᠳᠡᠮᠵᠢᠨ᠂ ᠮᠠᠨ ᠤ ᠣᠷᠣᠨ ᠤ ᠨᠡᠶᠢᠲᠡ 29 ᠠᠵᠤ ᠠᠬᠤᠶᠢᠯᠠᠯ ᠬᠠᠮᠤᠭ ᠤᠨ ᠬᠦᠷᠢᠶᠡᠯᠡᠯ ᠲᠠᠢ ᠪᠦᠲᠦᠭᠡᠭᠳᠡᠬᠦᠨ ᠤ ᠱᠠᠩᠨᠠᠯ ᠭᠥᠷᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠬᠠᠮᠤᠭ ᠤᠨ ᠰᠠᠶᠢᠨ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠬᠦᠷᠲᠡᠭᠰᠡᠨ ᠪᠠᠶᠢᠨ᠎ᠠ᠃ 
图片3.png
       ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠢ ᠪᠠᠷ ᠬᠠᠮᠤᠭ ᠤᠨ ᠶᠡᠭᠡ ᠠᠮᠢ ᠠᠬᠤᠢ ᠶᠢᠨ ᠴᠢᠳᠠᠮᠵᠢᠲᠤ ᠣᠷᠣᠨ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠪᠣᠯᠣᠨ᠎ᠠ᠃ 8.15 ᠳ᠋ᠦᠩᠰᠢᠭᠤᠷ ᠮᠦ ᠨᠤᠲᠤᠭ ᠪᠡᠯᠴᠢᠭᠡᠷ ᠪᠠ 1.7 ᠳ᠋ᠦᠩᠰᠢᠭᠤᠷ ᠮᠦ ᠰᠠᠶᠢᠨ ᠲᠠᠷᠢᠶᠠᠨ ᠭᠠᠵᠠᠷ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠲᠠᠢ ᠪᠠᠶᠢᠵᠤ᠂ ᠠᠮᠢ ᠠᠬᠤᠢ ᠶᠢᠨ ᠴᠢᠳᠠᠮᠵᠢ ᠪᠠᠷ ᠪᠦᠷᠢᠨ ᠲᠡᠭᠦᠯᠳᠡᠷ᠂ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠢᠶᠠᠷ ᠡᠯᠪᠡᠭ ᠪᠠᠶᠠᠯᠢᠭ ᠣᠯᠠᠨ ᠶᠠᠩᠵᠤ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠣᠶᠢᠵᠢᠭᠤᠯᠤᠭᠰᠠᠨ ᠪᠠᠶᠢᠳᠠᠭ᠃ ᠣᠲᠣ ᠪᠣᠯᠲᠠᠯ᠎ᠠ᠂ ᠥᠪᠥᠷ ᠮᠣᠩᠭᠤᠯ ᠨᠡᠶᠢᠲᠡ 818 ᠪᠦᠲᠦᠭᠡᠭᠳᠡᠬᠦᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠵᠢᠩᠬᠢᠨᠢ ᠪᠠᠷ ᠣᠷᠣᠵᠤ᠂ ᠪᠥᠬᠦ ᠤᠯᠤᠰ ᠲᠤ ᠨᠢᠭᠡᠳᠦᠭᠡᠷ ᠲᠤ ᠣᠷᠣᠵᠤ᠂ ᠭᠡᠷᠡᠴᠢᠯᠡᠨ ᠮᠠᠭᠠᠳᠯᠠᠭᠰᠠᠨ ᠪᠦᠲᠦᠭᠡᠭᠳᠡᠬᠦᠨ ᠤ ᠪᠥᠬᠦ ᠲᠤᠭ᠎ᠠ ᠨᠢ ᠪᠥᠬᠦ ᠤᠯᠤᠰ ᠤᠨ ᠭᠡᠷᠡᠴᠢᠯᠡᠨ ᠮᠠᠭᠠᠳᠯᠠᠭᠰᠠᠨ ᠪᠥᠬᠦ ᠲᠣᠭᠠᠨ ᠤ 1/7 ᠶᠢ ᠡᠵᠡᠯᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠥᠷᠥ ᠶᠢᠨ ᠪᠣᠳᠣᠯᠭ᠎ᠠ ᠪᠠᠷ ᠲᠡᠳᠬᠦᠬᠦ᠂ ᠨᠠᠷᠠᠲᠤ ᠲᠡᠮᠳᠡᠭᠲᠦ ᠪᠠᠷ ᠤᠬᠠᠭᠤᠯᠬᠤ᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠦᠢᠯᠡᠳᠪᠦᠷᠢᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠪᠡᠶᠡᠯᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ ᠥᠪᠥᠷ ᠮᠣᠩᠭᠤᠯ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠡᠷᠡᠴᠢᠯᠡᠬᠦ ᠪᠠ ᠳᠡᠯᠭᠡᠷᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ︽ᠣᠨᠴᠠ᠂ ᠰᠢᠯᠢᠳᠡᠭ᠂ ᠨᠠᠷᠠᠲᠤ︾ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠤᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号