ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠦᠷᠢᠶ᠎ᠡ ᠴᠠᠷᠠᠭᠠᠨ ᠳᠠᠬᠢ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠥᠯᠥᠭᠡ᠂ | 9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠡᠷᠡᠭ ᠢᠶᠠᠷ ᠲᠣᠯᠢ ᠪᠣᠯᠭᠠᠬᠤ᠂ ᠬᠡᠷᠡᠭ ᠢᠶᠠᠷ | ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠬᠤᠷᠠᠯᠳᠤᠭᠤᠯᠪᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠲᠢᠩᠬᠢᠮ ᠤᠨ ᠳᠡᠳ᠋ ᠳᠠᠷᠤᠭ᠎ᠠ ᠵᠤᠤ ᠶᠦᠩ ᠰᠢᠶᠠᠩ ᠨᠥᠬᠦᠷ ᠬᠤᠷᠠᠯ ᠢ ᠡᠷᠬᠢᠯᠡᠵᠦ᠂ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠵᠠᠩ ᠮᠢᠩ ᠵᠢᠶᠧ ᠨᠥᠬᠦᠷ ᠦᠨᠡᠯᠡᠯᠲᠡ ᠬᠢᠵᠦ ᠶᠠᠷᠢᠶ᠎ᠠ ᠲᠠᠯᠪᠢᠵᠤ᠂ ᠲᠢᠩᠬᠢᠮ ᠤᠨ | ᠪᠠᠶᠢᠭᠤᠯᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠥᠭᠦᠯᠡᠯᠲᠡ ᠶᠢᠨ ᠲᠣᠪᠴᠢᠯᠠᠯ ᠨᠠᠶᠢᠷᠠᠭᠤᠯᠤᠯ᠂ ᠯᠢ | ᠰᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠂ ᠲᠠᠷᠢᠮᠠᠯ ᠤᠨ | ᠦᠢᠯᠡᠰ ᠤᠨ ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ ᠵᠡᠷᠭᠡ 8 ᠰᠠᠯᠠᠭ᠎ᠠ ᠮᠥᠴᠢᠷ | ᠨᠡᠶᠢᠲᠡᠯᠢᠭ ᠬᠡᠷᠡᠭ ᠤᠨ ᠵᠢᠱᠢᠶ᠎ᠡ ᠪᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠣᠭᠤᠷᠢᠨ ᠳᠤ | ᠰᠤᠳᠤᠯᠤᠨ ᠶᠠᠷᠢᠯᠴᠠᠵᠤ ᠰᠣᠯᠢᠯᠴᠠᠭ᠎ᠠ ᠬᠢᠵᠦ᠂ ᠭᠤᠣᠯᠳᠠᠯᠭ᠎ᠠ ᠲᠠᠢ ᠠᠵᠢᠯ ᠤᠨ ᠳᠤᠮᠳᠠᠬᠢ ᠠᠷᠢᠭᠤᠨ ᠴᠢᠬᠡᠴᠢ ᠪᠠᠷ | ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠰᠢᠰᠲ᠋ᠧᠮ ᠲᠠᠢ ᠡᠮᠬᠢᠯᠡᠨ ᠳᠢᠭᠯᠡᠵᠦ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠰᠢᠯᠲᠠᠭᠠᠨ ᠢ ᠭᠦᠨᠵᠡᠭᠡᠢ ᠵᠠᠳᠠᠯᠤᠭᠰᠠᠨ ᠤ ᠬᠠᠮᠲᠤ ᠬᠠᠨᠳᠤᠯᠭᠠᠲᠤ ᠴᠢᠨᠠᠷᠲᠠᠢ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠤ | ᠬᠤᠯᠪᠣᠭᠳᠠᠬᠤ ᠲᠦᠷᠦᠯ ᠵᠦᠢᠯ ᠤᠯᠠᠨ᠂ ᠪᠡᠯᠡ ᠮᠥᠩᠭᠦ ᠶᠡᠭᠡ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ᠎ᠠ᠃ ᠬᠡᠷᠡᠭ ᠢᠶᠠᠷ | ᠲᠣᠯᠢ ᠪᠣᠯᠭᠠᠬᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ | ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠥᠷᠨᠢᠭᠦᠯᠬᠦ ᠪᠣᠯ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠰᠠᠯᠠᠭ᠎ᠠ ᠮᠥᠴᠢᠷ ᠤᠨ ︽ᠭᠠᠭᠴᠠᠭᠠᠷ ᠢᠶᠠᠨ ᠲᠡᠮᠡᠴᠡᠬᠦ︾ | ᠦᠵᠡᠭᠳᠡᠯ ᠢ ᠴᠡᠭᠴᠡᠯᠡᠨ ᠵᠠᠰᠠᠬᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠰᠠᠭᠤᠳᠠᠯ ᠢ | ᠰᠢᠢᠳᠪᠦᠷᠢᠯᠡᠬᠦ ᠶᠢᠨ ᠬᠦᠴᠦᠲᠡᠢ ᠭᠠᠷᠳᠠᠴᠠ ᠮᠥᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠰᠠᠶᠢᠨ ᠲᠤᠷᠰᠢᠯᠭ᠎ᠠ ᠠᠷᠭ᠎ᠠ ᠬᠢᠳᠡᠯ ᠢ ᠬᠠᠷᠢᠯᠴᠠᠨ ᠰᠤᠷᠤᠯᠴᠠᠨ ᠲᠣᠯᠢᠯᠠᠵᠤ᠂ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠴᠢᠩᠭᠠᠳᠬᠠᠨ᠂ ᠰᠡᠳᠬᠢᠴᠡ ᠠᠷᠭ᠎ᠠ ᠬᠡᠮᠵᠢᠶ᠎ᠡ ᠪᠠᠨ ᠲᠣᠳᠣᠷᠬᠠᠶᠢᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ︽ᠭᠤᠷᠪᠠ ᠶᠢ ᠤᠶᠠᠯᠳᠤᠭᠤᠯᠬᠤ︾ ᠶᠢ ᠪᠡᠶᠡᠯᠡᠭᠦᠯᠬᠦ ᠬᠡᠷᠡᠭᠲᠡᠢ᠂ | ᠲᠤᠬᠠᠶᠢᠯᠠᠪᠠᠯ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠣᠯᠭᠤᠬᠤ ᠶᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠤᠢ ᠪᠣᠯᠭᠠᠬᠤ ᠲᠠᠢ | ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠭᠤᠣᠯ | ᠬᠠᠷᠢᠭᠤᠴᠠᠯᠭ᠎ᠠ ᠭᠤᠣᠯ ᠠᠵᠢᠯ ᠲᠦᠷᠦᠯ ᠤᠨ ᠡᠳᠦᠷ ᠳᠤᠳᠤᠮ ᠤᠨ ᠠᠵᠢᠯ ᠲᠠᠢ ᠤᠶᠠᠯᠳᠤᠭᠤᠯᠬᠤ ᠬᠡᠷᠡᠭᠲᠡᠢ︔ | ︽ᠭᠤᠷᠪᠠᠨ ᠦᠵᠡᠯ ᠤᠬᠠᠮᠰᠠᠷ︾ ᠢ ᠪᠣᠶ ᠪᠣᠯᠭᠠᠬᠤ ᠬᠡᠷᠡᠭᠲᠡᠢ᠂ ᠲᠤᠬᠠᠶᠢᠯᠠᠪᠠᠯ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠨᠥᠬᠦᠪᠦᠷᠢ ᠶᠢ ᠣᠯᠭᠤᠬᠤ ᠨᠠᠷᠢᠯᠢᠭ ᠣᠨᠣᠴᠠᠲᠠᠢ ᠦᠵᠡᠯ ᠤᠬᠠᠮᠰᠠᠷ᠂ ᠪᠣᠳᠠᠲᠤ ᠦᠷ᠎ᠡ ᠪᠦᠲᠦᠮᠵᠢ ᠶᠢᠨ | ᠦᠵᠡᠯ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠪᠣᠶ ᠪᠣᠯᠭᠠᠬᠤ ᠬᠡᠷᠡᠭᠲᠡᠢ︔ ︽ᠨᠢᠭᠡ | ᠬᠠᠷᠢᠭᠤᠴᠠᠯᠭ᠎ᠠ︾ ᠶᠢ ᠪᠠᠲᠤᠳᠬᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠨᠢᠭᠡᠳᠦᠯᠲᠡᠢ | ᠲᠥᠯᠥᠪᠵᠢᠭᠦᠯᠦᠨ ᠨᠡᠶᠢᠳᠬᠡᠬᠦ ᠠᠵᠢᠯ ᠤᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠠᠶᠢᠳᠠᠯ ᠢ ᠣᠶᠢᠯᠠᠭᠠᠵᠤ | ᠥᠪᠡᠷ ᠢᠶᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠢ ᠡᠮᠬᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ | ᠵᠥᠪᠳᠡᠯᠴᠡᠨ ᠲᠣᠬᠢᠷᠠᠭᠤᠯᠵᠤ᠂ ᠰᠤᠳᠤᠯᠤᠨ ᠮᠠᠭᠠᠳᠯᠠᠵᠤ ᠱᠠᠯᠠᠪᠳᠠᠭᠤᠯᠤᠨ ᠭᠦᠢᠴᠡᠳᠬᠡᠭᠦᠯᠵᠦ᠂ ᠤᠳᠤ ᠶᠢᠨ ᠪᠠᠶᠢᠭ᠎ᠠ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠣᠳᠣᠬᠠᠨ ᠤ | ᠪᠠ ᠬᠤᠶᠢᠰᠢᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠪᠣᠯᠭᠠᠨ | ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠪᠡ᠃ |