ᠪᠥᠬᠦ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠢᠨ᠎ᠡ ᠲᠥᠷᠥᠯ ᠵᠦᠢᠯ ᠤᠨ ᠰᠢᠨ᠎ᠡ ᠮᠡᠷᠭᠡᠵᠢᠯ ᠤᠨ ᠪᠣᠯᠪᠠᠰᠤᠷᠠᠯ ᠤᠨ ᠠᠩᠭᠢ ᠤᠯᠠᠭᠠᠨᠬᠠᠳᠠ ᠬᠤᠲᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/9/14
      ᠵᠢᠭᠠᠰᠤᠨ ᠠᠵᠤ ᠠᠬᠤᠢ ᠶᠢᠨ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠪᠥᠬᠦ ᠲᠠᠯ᠎ᠠ ᠪᠠᠷ ᠲᠦᠭᠡᠮᠡᠯᠵᠢᠭᠦᠯᠦᠨ ᠳᠡᠯᠭᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠨ ᠤ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠪᠣᠬᠢᠷᠲᠤᠯ ᠦᠭᠡᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠤᠯᠠᠭᠠᠨᠬᠠᠳᠠ ᠬᠤᠲᠠ ᠳᠤ ᠪᠥᠬᠦ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠢᠨ᠎ᠡ ᠲᠥᠷᠥᠯ ᠵᠦᠢᠯ ᠤᠨ ᠰᠢᠨ᠎ᠡ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠪᠣᠯᠪᠠᠰᠤᠷᠠᠯ ᠤᠨ ᠠᠩᠭᠢ  ᠨᠢ ︽ᠲᠤᠰᠬᠠᠢ ᠮᠡᠷᠭᠡᠵᠢᠯᠲᠡᠨ ᠬᠢᠴᠢᠶᠡᠯᠯᠡᠬᠦ + ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ︾ ᠬᠡᠯᠪᠡᠷᠢ ᠪᠠᠷ ᠬᠢᠴᠢᠶᠡᠯᠯᠡᠵᠦ᠂ ᠠᠶᠢᠮᠠᠭ ᠬᠤᠲᠠ ᠶᠢᠨ 60 ᠭᠠᠷᠤᠢ ᠮᠡᠷᠭᠡᠵᠢᠯᠲᠡᠨ ᠣᠷᠣᠯᠴᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠢᠭᠠᠰᠤᠨ ᠠᠵᠤ ᠠᠬᠤᠢ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠱᠤᠸᠠᠢ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠾᠦᠢ ᠵᠥᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃
113.1.png
      ᠲᠣᠪᠴᠢᠶᠠᠨ ᠳᠠᠷᠤᠭ᠎ᠠ ᠸᠠᠩ ᠱᠤᠸᠠᠢ ᠠᠩᠭᠢ ᠡᠬᠢᠯᠡᠬᠦ ᠦᠶ᠎ᠡ ᠶᠢᠨ ᠪᠠᠶᠠᠷ ᠤᠨ ᠦᠭᠡ ᠳᠡᠭᠡᠨ᠂ ᠣᠳᠣᠬᠠᠨ ᠳᠤ ᠮᠠᠨ ᠤ ᠤᠯᠤᠰ ᠤᠨ ᠴᠡᠩᠭᠡᠭ ᠤᠰᠤᠨ ᠤ ᠲᠡᠵᠢᠭᠡᠨ ᠦᠷᠡᠵᠢᠭᠦᠯᠬᠦ ᠠᠵᠤ ᠦᠢᠯᠡᠰ ᠲᠤ ᠤᠷᠢᠳ ᠡᠮᠦᠨ᠎ᠡ ᠪᠠᠶᠢᠭ᠎ᠠ ᠦᠭᠡᠢ ᠲᠡᠦᠬᠡᠨ ᠠᠵᠠ ᠲᠣᠬᠢᠶᠠᠯ ᠲᠤᠯᠭᠠᠷᠠᠵᠤ ᠪᠠᠶᠢᠨ᠎ᠠ᠂ ᠡᠭᠦᠨ ᠲᠠᠢ ᠵᠣᠬᠢᠴᠠᠯᠳᠤᠭᠰᠠᠨ ᠡᠭᠦᠷᠭᠡ ᠬᠠᠷᠢᠭᠤᠴᠠᠯᠭ᠎ᠠ ᠴᠤ ᠨᠠᠩ ᠬᠠᠲᠠᠭᠤ ᠪᠡᠷᠬᠡ ᠪᠣᠯᠵᠤ ᠪᠠᠶᠢᠨ᠎ᠠ᠂ ᠪᠢᠳᠡ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠨᠠᠩ ᠢᠯᠡᠭᠦᠦ ᠴᠢᠬᠤᠯᠠᠴᠢᠯᠠᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠠᠮᠢ ᠠᠬᠤᠢ ᠶᠢᠨ ᠣᠷᠴᠢᠨ ᠨᠥᠬᠦᠴᠡᠯ ᠬᠢᠭᠡᠳ ᠠᠵᠤ ᠠᠬᠤᠢ ᠶᠢᠨ ᠦᠷ᠎ᠡ ᠠᠰᠢᠭ ᠤᠨ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠦᠢᠯᠡᠳᠪᠦᠷᠢᠯᠡᠯ ᠤᠨ ᠦᠷ᠎ᠡ ᠪᠦᠲᠦᠭᠡᠯ ᠢ ᠳᠡᠭᠡᠭᠰᠢᠯᠡᠭᠦᠯᠬᠦ ᠳᠤ ᠲᠧᠭᠨᠢᠭ ᠮᠡᠷᠭᠡᠵᠢᠯ ᠳᠤ ᠲᠦᠰᠢᠭᠯᠡᠬᠦ ᠬᠡᠷᠡᠭᠲᠡᠢ︔ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠪᠡᠶᠡᠯᠡᠭᠦᠯᠬᠦ ᠳᠤ ᠤᠳᠤ ᠦᠶ᠎ᠡ ᠶᠢᠨ ᠮᠡᠷᠭᠡᠵᠢᠯ ᠢᠶᠠᠷ ᠵᠢᠭᠠᠰᠤᠨ ᠠᠵᠤ ᠠᠬᠤᠢ ᠶᠢ ᠲᠣᠨᠣᠭᠯᠠᠬᠤ ᠬᠡᠷᠡᠭᠲᠡᠢ︔ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠭᠤᠯᠬᠤ ᠬᠡᠷᠡᠭᠲᠡᠢ︔ ᠠᠵᠤ ᠠᠬᠤᠢ ᠶᠢᠨ ᠦᠷ᠎ᠡ ᠠᠰᠢᠭ ᠢ ᠪᠡᠶᠡᠯᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ ᠱᠠᠭᠠᠷᠳᠠᠭᠳᠠᠨ᠎ᠠ᠃ ᠪᠥᠬᠦ ᠣᠷᠣᠨ ᠤ ᠮᠡᠷᠭᠡᠵᠢᠯ ᠤᠨ ᠠᠵᠢᠯᠲᠠᠳ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠤᠷᠴᠠ ᠭᠢᠷᠠᠬᠠᠢ ᠠᠵᠢᠭᠯᠠᠬᠤ ᠴᠢᠳᠠᠪᠤᠷᠢ ᠪᠠᠷ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ᠂ ᠮᠠᠨ ᠤ ᠣᠷᠣᠨ ᠤ ᠵᠢᠭᠠᠰᠤᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠪᠣᠯᠪᠠᠰᠤᠷᠠᠯ ᠤᠨ ᠠᠩᠭᠢ ᠳᠤ᠂ ᠳᠤᠮᠳᠠᠳᠤ ᠤᠯᠤᠰ ᠤᠨ ᠤᠰᠤᠨ ᠭᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠠᠷᠠᠮᠥ᠋ᠷᠡᠨ ᠤ ᠤᠰᠤᠨ ᠭᠠᠷᠤᠯᠲᠠ ᠶᠢᠨ ᠰᠤᠳᠤᠯᠭᠠᠨ ᠤ ᠭᠠᠵᠠᠷ ᠤᠨ ᠵᠣᠣ ᡁᠢ ᠭᠠᠩ ᠪᠣᠯᠣᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠰᠤᠨ ᠤ ᠠᠮᠢᠳᠤ ᠪᠣᠳᠠᠰ ᠤᠨ ᠰᠤᠳᠤᠯᠭᠠᠨ ᠤ ᠭᠠᠵᠠᠷ ᠤᠨ ᠵᠠᠩ ᠯᠧᠢ ᠲᠣᠰ ᠲᠣᠰ ︽ᠤᠮᠠᠷᠠᠲᠤ ᠣᠷᠣᠨ ᠤ ᠲᠤᠲᠤᠷᠭ᠎ᠠ ᠶᠢᠨ ᠰᠠᠮ ᠬᠤᠷᠣᠬᠠᠢ᠂ ᠲᠤᠲᠤᠷᠭ᠎ᠠ ᠶᠢᠨ ᠨᠠᠢᠮᠠᠯᠵᠢ ᠶᠢ ᠶᠡᠷᠦᠩᠬᠡᠶᠢᠯᠡᠨ ᠦᠰᠭᠡᠵᠦ ᠲᠡᠵᠢᠭᠡᠬᠦ ᠮᠡᠷᠭᠡᠵᠢᠯ︾ ᠪᠠ ︽ᠰᠢᠷ᠎ᠠ ᠲᠣᠳᠢ ᠵᠢᠭᠠᠰᠤ ᠶᠢ ᠨᠠᠷᠢᠯᠢᠭᠵᠢᠭᠤᠯᠤᠨ ᠬᠠᠮᠢᠶᠠᠷᠴᠤ ᠲᠡᠵᠢᠭᠡᠨ ᠦᠷᠡᠵᠢᠭᠦᠯᠬᠦ ᠮᠡᠷᠭᠡᠵᠢᠯ︾ ᠤᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠪᠡ᠃ ᠭᠦᠨᠵᠡᠭᠡᠢ ᠪᠥᠭᠡᠳ ᠣᠶᠢᠯᠠᠭᠠᠮᠵᠢᠲᠠᠢ᠂ ᠡᠯᠪᠡᠭ ᠪᠠᠶᠠᠯᠢᠭ ᠬᠡᠷᠡᠭᠯᠡᠭᠡᠨ ᠤ ᠬᠢᠴᠢᠶᠡᠯ ᠨᠢ ᠬᠤᠷᠠᠯ ᠳᠤ ᠣᠷᠣᠯᠴᠠᠭᠰᠠᠳ ᠲᠤ ᠶᠡᠭᠡ ᠠᠰᠢᠭ ᠲᠤᠰᠠ ᠬᠦᠷᠲᠡᠭᠡᠭᠰᠡᠨ ᠪᠠᠶᠢᠨ᠎ᠠ᠃
113.2.png
      ᠪᠣᠯᠪᠠᠰᠤᠷᠠᠯ ᠤᠨ ᠠᠩᠭᠢ ᠪᠦᠬᠦ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠢᠨ᠎ᠡ ᠲᠦᠷᠦᠯ ᠵᠦᠢᠯ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠬᠠᠷᠠᠴᠢᠨ ᠬᠤᠰᠢᠭᠤᠨ ᠤ ᠤᠰᠤᠨ ᠰᠤᠷᠪᠤᠯᠵᠢ ᠶᠢᠨ ᠲᠠᠷᠢᠮᠠᠯ ᠲᠡᠵᠢᠭᠡᠨ ᠦᠷᠡᠵᠢᠭᠦᠯᠬᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠦᠯᠪᠡ᠃ ᠪᠣᠯᠪᠠᠰᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠬᠦᠢᠲᠡᠨ ᠤᠰᠤᠨ ᠤ ᠵᠢᠭᠠᠰᠤ ᠶᠢ ᠦᠢᠯᠡᠳᠪᠦᠷᠢᠵᠢᠭᠦᠯᠦᠨ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠪᠠ ᠡᠬᠡ ᠬᠠᠭᠤᠷᠠᠢ ᠶᠢᠨ ᠰᠠᠭᠤᠷᠢᠨ ᠭᠠᠵᠠᠷ ᠤᠨ ᠲᠣᠭᠤᠷᠢᠭ ᠬᠡᠯᠪᠡᠷᠢ ᠶᠢᠨ ᠨᠠᠭᠤᠷ ᠤᠷᠤᠰᠬᠠᠯ ᠤᠰᠤᠨ ᠳᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠠᠭᠪᠤᠷ᠂ ᠵᠢᠷᠠᠭᠠᠬᠠᠢ ᠲᠡᠵᠢᠭᠡᠨ ᠦᠷᠡᠵᠢᠭᠦᠯᠬᠦ ᠣᠷᠣᠨ ᠪᠠ ᠬᠤᠩ ᠢ᠂ ᠶᠢᠨ ᠢ᠂ ᠬᠢᠯᠢᠮ᠎ᠡ ᠵᠢᠭᠠᠰᠤ᠂ ᠶᠠᠯᠦ ᠵᠢᠭᠠᠰᠤ᠂ ᠯᠾᠠᠱᠢ ᠶᠢᠨ ᠰᠢᠯᠪᠢᠨ ᠵᠢᠭᠠᠰᠤ᠂ ᠬᠤᠸᠠᠩ ᠢᠦᠢ ᠵᠢᠭᠠᠰᠤ ᠲᠡᠵᠢᠭᠡᠨ ᠦᠷᠡᠵᠢᠭᠦᠯᠬᠦ ᠣᠷᠣᠨ ᠢ ᠨᠠᠷᠢᠨ ᠣᠶᠢᠯᠠᠭᠠᠪᠠ᠃ ᠪᠣᠯᠪᠠᠰᠤᠷᠠᠯ ᠳᠤ ᠪᠠᠰᠠ ᠬᠦᠢᠲᠡᠨ ᠤᠰᠤᠨ ᠤ ᠵᠢᠭᠠᠰᠤ ᠠᠮᠲᠠᠲᠤ ᠢᠳᠡᠭᠡᠨ ᠢ ᠰᠢᠯᠭᠠᠨ ᠪᠠᠶᠢᠴᠠᠭᠠᠬᠤ ᠲᠣᠭᠤᠷᠢᠭ ᠭᠠᠷᠭᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠭᠠᠵᠠᠷ  ᠲᠤᠨᠢ ᠰᠣᠯᠢᠯᠴᠠᠬᠤ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠤᠰᠤᠨ ᠭᠠᠷᠤᠯᠲᠠ ᠶᠢᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠭᠰᠠᠨ ᠪᠠ ᠵᠢᠱᠢᠶ᠎ᠡ ᠦᠵᠡᠭᠦᠯᠦᠨ ᠳᠡᠯᠭᠡᠷᠡᠭᠦᠯᠦᠭᠰᠡᠨ ᠨᠡᠶᠢᠲᠡᠯᠢᠭ ᠲᠤᠷᠰᠢᠯᠭ᠎ᠠ ᠶᠢ ᠰᠤᠷᠤᠯᠴᠠᠵᠤ᠂ ᠰᠤᠷᠤᠯᠴᠠᠵᠤ ᠰᠣᠯᠢᠯᠴᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃
113.3.png
113.4.png
      ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠪᠣᠯ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ︽ᠢᠯᠲᠠᠰᠤ︾ ᠪᠣᠯᠣᠨ᠎ᠠ᠃ ᠲᠣᠰ ᠤᠳᠠᠭᠠᠨ ᠤ ᠪᠣᠯᠪᠠᠰᠤᠷᠠᠯ ᠢ ᠠᠮᠵᠢᠯᠲᠠ ᠲᠠᠢ ᠡᠷᠭᠢᠯᠡᠭᠰᠡᠨ ᠨᠢ ᠮᠠᠨ ᠤ ᠣᠷᠣᠨ ᠤ ᠤᠰᠤᠨ ᠭᠠᠷᠤᠯᠲᠠ ᠶᠢᠨ ᠡᠭᠦᠯᠳᠡᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠰᠢᠨ᠎ᠡ ᠡᠭᠦᠯᠳᠡᠷ ᠢ ᠪᠣᠶᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠪᠠ ᠬᠡᠷᠡᠭᠯᠡᠭᠡᠨ ᠤ ᠦᠨ᠎ᠡ ᠥᠷᠲᠡᠭ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ︽ᠠᠵᠤ ᠠᠬᠤᠶᠢᠯᠠᠯ + ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ + ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ︾ ᠤᠨ ᠬᠠᠮᠵᠢᠯᠴᠠᠬᠤ ᠦᠢᠯᠡᠳᠦᠯ ᠢ ᠴᠢᠷᠮᠠᠶᠢᠨ ᠪᠠᠳᠠᠷᠠᠭᠤᠯᠵᠤ᠂ ᠲᠡᠷᠢᠭᠦᠨ ᠤ ᠮᠡᠷᠭᠡᠵᠢᠯ ᠢ ᠮᠠᠨ ᠤ ᠣᠷᠣᠨ ᠤ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠳᠤ ᠣᠷᠣᠭᠤᠯᠤᠨ ᠠᠪᠴᠢᠷᠠᠵᠤ᠂ ᠮᠠᠨ ᠤ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃
113.5.png
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号