1. ᠬᠡᠷᠡᠭᠵᠢᠭᠦᠯᠬᠦ ᠠᠭᠤᠯᠭ᠎ᠠ᠄ ᠬᠡᠪᠴᠢᠶᠡᠵᠢᠭᠦᠯᠦᠨ ᠳᠠᠷᠢᠭᠰᠠᠨ ᠴᠠᠷᠭᠠᠰᠤ᠂ ᠬᠤᠨᠢᠨ ᠡᠪᠡᠰᠦ᠂ ᠲᠡᠵᠢᠭᠡᠯ ᠳᠤ | ᠬᠡᠷᠡᠭᠯᠡᠬᠦ ᠨᠣᠬᠠᠢ ᠶᠢᠨ ᠬᠤᠰᠢᠭᠤ ᠳᠠᠷᠢᠬᠤ ᠭᠤᠣᠯ ᠴᠣᠭᠴᠠ ᠶᠢ ᠱᠠᠩᠨᠠᠨ ᠭᠦᠬᠢᠭᠦᠯᠬᠦ ᠪᠠᠷ ᠳᠠᠮᠵᠢᠭᠤᠯᠤᠨ᠂ ᠡᠪᠡᠰᠦ | ᠪᠣᠷᠳᠤᠭ᠎ᠠ ᠳᠠᠷᠢᠬᠤ ᠲᠠᠯᠠᠪᠠᠶ ᠶᠢ ᠥᠷᠭᠡᠳᠬᠡᠵᠦ᠂ ᠭᠡᠷ ᠤᠨ ᠲᠡᠵᠢᠭᠡᠪᠦᠷᠢ ᠶᠢᠨ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠡᠪᠡᠰᠦᠨ ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | 2. ᠨᠥᠬᠦᠪᠦᠷᠢ ᠣᠯᠭᠤᠬᠤ ᠡᠲᠡᠭᠡᠳ᠄ ᠭᠤᠷᠪᠠᠨ ᠲᠦᠷᠦᠯ ᠬᠤᠪᠢᠶᠠᠨ᠎ᠠ᠃ ᠨᠢᠭᠡ ᠳᠤ ᠬᠠᠷᠢᠴᠠᠩᠭᠤᠢ ᠪᠠᠷ | ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠰᠠᠨ 200 ᠮᠦ ᠠᠴᠠ ᠳᠡᠭᠡᠭᠰᠢᠬᠢ ᠬᠤᠨᠢᠨ ᠡᠪᠡᠰᠦ ᠳᠠᠷᠢᠬᠤ ᠭᠤᠣᠯ | ᠴᠣᠭᠴᠠ︔ ᠬᠤᠶᠠᠷ ᠲᠤ ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ ᠪᠠᠷᠢᠮᠵᠢᠶ᠎ᠠ ᠲᠠᠢ ᠪᠠᠷ 300 ᠮᠦ ᠠᠴᠠ | ᠳᠡᠭᠡᠭᠰᠢᠬᠢ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠳᠠᠷᠢᠬᠤ ᠭᠤᠣᠯ ᠴᠣᠭᠴᠠ︔ ᠭᠤᠷᠪᠠ ᠳᠤ | ᠲᠥᠪᠯᠡᠷᠡᠭᠦᠯᠦᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢ ᠪᠠᠶᠢᠬᠤ ᠮᠥᠷᠲᠡᠭᠡᠨ | ᠣᠷᠣᠨ ᠤ ᠳᠣᠲᠣᠷᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠯᠤᠭ᠎ᠠ ᠡᠪᠡᠰᠦ ᠪᠣᠷᠳᠤᠭ᠎ᠠ | ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠴᠠᠷᠭᠠᠰᠤ ᠳᠠᠷᠢᠬᠤ ᠭᠤᠣᠯ ᠴᠣᠭᠴᠠ ᠪᠣᠯᠣᠨ᠎ᠠ᠃ | 3. ᠨᠥᠬᠦᠪᠦᠷᠢ ᠥᠭᠬᠦ ᠪᠠᠷᠢᠮᠵᠢᠶ᠎ᠠ᠄ ᠭᠤᠷᠪᠠᠨ ᠲᠦᠷᠦᠯ ᠬᠤᠪᠢᠶᠠᠨ᠎ᠠ᠃ ᠨᠢᠭᠡ ᠳᠤ ᠬᠤᠨᠢᠨ ᠡᠪᠡᠰᠦ ᠶᠢ ᠮᠦ | ᠪᠦᠷᠢ ᠳᠤ 1000 ᠲᠥᠭᠦᠷᠢᠭ ᠢᠶᠠᠷ 3 ᠵᠢᠯ ᠬᠤᠪᠢᠶᠠᠵᠤ ᠨᠥᠬᠦᠪᠦᠷᠢ ᠥᠭᠭᠦᠨ᠎ᠡ︔ ᠬᠤᠶᠠᠷ ᠲᠤ ᠲᠡᠵᠢᠭᠡᠯ ᠳᠤ | ᠬᠡᠷᠡᠭᠯᠡᠬᠦ ᠨᠣᠬᠠᠢ ᠶᠢᠨ ᠬᠤᠰᠢᠭᠤ ᠳᠤ ᠮᠦ ᠪᠦᠷᠢ ᠳᠤ 100 ᠲᠥᠭᠦᠷᠢᠭ ᠢᠶᠠᠷ ᠨᠥᠬᠦᠪᠦᠷᠢ ᠥᠭᠭᠦᠨ᠎ᠡ᠂ ᠡᠭᠦᠨ ᠳᠤ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 70% ᠶᠢᠨ ᠨᠥᠬᠦᠪᠦᠷᠢ ᠥᠭᠴᠦ᠂ ᠠᠶᠢᠮᠠᠭ ᠬᠤᠲᠠ | 30% ᠶᠢᠨ ᠢᠵᠢ ᠪᠦᠷᠢᠳᠦᠭᠦᠯᠦᠨ᠎ᠡ︔ ᠭᠤᠷᠪᠠ ᠳᠤ ᠴᠠᠷᠭᠠᠰᠤ ᠶᠢ ᠮᠦ ᠪᠦᠷᠢ ᠳᠤ 1000 ᠲᠥᠭᠦᠷᠢᠭ ᠢᠶᠠᠷ 3 | ᠵᠢᠯ ᠬᠤᠪᠢᠶᠠᠵᠤ ᠨᠥᠬᠦᠪᠦᠷᠢ ᠥᠭᠭᠦᠨ᠎ᠡ᠃ | 4. ᠨᠥᠬᠦᠪᠦᠷᠢ ᠥᠭᠬᠦ ᠶᠠᠪᠤᠴᠠ᠄ | ︵1︶ ᠭᠤᠶᠤᠴᠢᠯᠠᠬᠤ᠃ ᠬᠤᠨᠢᠨ ᠡᠪᠡᠰᠦ ᠪᠠ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠳᠠᠷᠢᠬᠤ᠄ | ᠨᠥᠬᠦᠪᠦᠷᠢ ᠥᠭᠬᠦ ᠨᠥᠬᠦᠴᠡᠯ ᠳᠤ ᠨᠡᠶᠢᠴᠡᠬᠦ ᠬᠡᠷᠡᠭᠵᠢᠭᠦᠯᠬᠦ ᠭᠤᠣᠯ ᠴᠣᠭᠴᠠ ᠨᠢ ᠰᠠᠶᠢᠨ ᠳᠤᠷ᠎ᠠ ᠠᠴᠠ ᠪᠠᠨ ᠪᠠᠶᠢᠭ᠎ᠠ | ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ | ᠭᠤᠶᠤᠴᠢᠯᠠᠯ ᠢᠶᠠᠨ ᠳᠤᠷᠠᠳᠬᠤ ᠶᠢᠨ ᠬᠠᠮᠲᠤ᠂ ᠬᠠᠮᠢᠶ᠎ᠠ ᠪᠦᠬᠦᠢ ᠲᠥᠷᠥᠯ ᠵᠦᠢᠯ ᠤᠨ ᠭᠤᠶᠤᠴᠢᠯᠠᠯ ᠤᠨ | ᠬᠦᠰᠦᠨᠦᠭᠲᠦ ᠶᠢ ᠲᠠᠭᠯᠠᠨ ᠮᠡᠳᠡᠭᠦᠯᠦᠨ᠎ᠡ᠃ ᠴᠠᠷᠭᠠᠰᠤ ᠳᠠᠷᠢᠬᠤ᠄ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠭᠤᠶᠤᠴᠢᠯᠠᠬᠤ | ᠬᠦᠰᠦᠨᠦᠭᠲᠦ ᠶᠢ ᠲᠠᠭᠯᠠᠨ ᠮᠡᠳᠡᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠡᠷᠡᠭᠵᠢᠭᠦᠯᠬᠦ ᠲᠥᠰᠥᠯ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠳᠤ ᠪᠠᠲᠤᠯᠠᠨ | ᠲᠠᠨᠢᠯᠴᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠷᠥᠯ ᠵᠦᠢᠯ ᠪᠠᠶᠢᠭᠤᠯᠬᠤ ᠪᠠᠷ ᠭᠤᠶᠤᠴᠢᠯᠠᠨ᠎ᠠ᠃ | ︵2︶ ᠬᠢᠨᠠᠨ ᠬᠠᠷᠭᠤᠭᠤᠯᠬᠤ᠃ ᠬᠤᠨᠢᠨ ᠡᠪᠡᠰᠦ ᠪᠠ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠳᠠᠷᠢᠬᠤ᠄ | ᠪᠣᠳᠠᠲᠠᠢ ᠬᠡᠷᠡᠭᠵᠢᠭᠦᠯᠬᠦ ᠭᠤᠣᠯ ᠴᠣᠭᠴᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠠᠴᠠ ᠲᠣᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠬᠤ ᠶᠢᠨ | ᠬᠠᠮᠲᠤ ᠬᠡᠷᠡᠭᠵᠢᠭᠦᠯᠬᠦ ᠭᠤᠣᠯ ᠴᠣᠭᠴᠠ ᠶᠢᠨ ᠭᠤᠶᠤᠴᠢᠯᠠᠭᠰᠠᠨ ᠮᠠᠲ᠋ᠧᠷᠢᠶᠠᠯ ᠳᠤ ᠪᠢᠴᠢᠭ ᠢᠶᠠᠷ ᠬᠢᠨᠠᠨ ᠪᠠᠶᠢᠴᠠᠭᠠᠬᠤ | ᠪᠠ ᠪᠣᠳᠠᠲᠠᠢ ᠭᠠᠵᠠᠷ ᠲᠤᠨᠢ ᠬᠠᠷᠭᠤᠭᠤᠯᠤᠨ ᠪᠠᠶᠢᠴᠠᠭᠠᠨ᠎ᠠ᠃ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠠᠶᠢᠮᠠᠭ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠳᠠᠩᠰᠠᠯᠠᠭᠤᠯᠤᠨ᠎ᠠ᠃ | ᠴᠠᠷᠭᠠᠰᠤ ᠶᠢᠨ ᠲᠠᠷᠢᠮᠠᠯ᠄ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠲᠥᠷᠥᠯ ᠵᠦᠢᠯ ᠤᠨ ᠲᠣᠭᠲᠠᠭᠠᠵᠤ ᠴᠣᠬᠤᠯᠠᠪᠤᠷᠢᠯᠠᠨ ᠬᠠᠷᠢᠭᠤᠯᠬᠤ ᠪᠠᠷᠢᠮᠵᠢᠶ᠎ᠠ ᠶᠢ ᠲᠣᠭᠲᠠᠭᠠᠬᠤ ᠪᠠ | ᠲᠡᠭᠦᠯᠳᠡᠷᠵᠢᠭᠦᠯᠬᠦ ᠶᠢ ᠬᠠᠷᠢᠭᠤᠴᠠᠵᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠥᠷᠥᠯ ᠵᠦᠢᠯ ᠤᠨ | ᠬᠡᠷᠡᠭᠵᠢᠭᠦᠯᠬᠦ ᠲᠥᠰᠥᠯ ᠢ ᠬᠢᠨᠠᠨ ᠲᠣᠭᠲᠠᠭᠠᠵᠤ ᠵᠢᠭᠠᠨ ᠵᠢᠯᠤᠭᠤᠳᠴᠤ᠂ ᠲᠣᠭᠲᠠᠭᠠᠭᠰᠠᠨ ᠲᠥᠷᠥᠯ ᠵᠦᠢᠯ ᠤᠨ | ᠬᠡᠷᠡᠭᠵᠢᠭᠦᠯᠬᠦ ᠭᠤᠣᠯ ᠴᠣᠭᠴᠠ ᠶᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠲᠥᠷᠥᠯ | ᠵᠦᠢᠯ ᠲᠣᠭᠲᠠᠭᠠᠵᠤ ᠴᠣᠬᠤᠯᠠᠪᠤᠷᠢᠯᠠᠨ ᠬᠠᠷᠢᠭᠤᠯᠤᠨ᠎ᠠ᠃ | ︵3︶ ᠰᠢᠯᠭᠠᠨ ᠠᠪᠬᠤ᠃ ᠬᠤᠨᠢᠨ ᠡᠪᠡᠰᠦ ᠪᠣᠯᠣᠨ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠶᠢ | ᠰᠢᠯᠭᠠᠨ ᠠᠪᠬᠤ ᠳᠤ᠄ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠬᠡᠷᠡᠭᠵᠢᠭᠦᠯᠬᠦ ᠭᠤᠣᠯ ᠴᠣᠭᠴᠠ ᠶᠢ ᠰᠢᠯᠭᠠᠨ ᠠᠪᠬᠤ ᠶᠢ ᠵᠣᠬᠢᠶᠠᠨ ᠪᠠᠶᠢᠭᠤᠯᠵᠤ᠂ ᠰᠢᠯᠭᠠᠨ ᠠᠪᠤᠭᠰᠠᠨ | ᠦᠷ᠎ᠡ ᠳ᠋ᠦᠩ ᠢᠶᠠᠨ ᠱᠠᠲᠤ ᠳᠠᠷᠠᠭᠠᠯᠠᠨ ᠠᠶᠢᠮᠠᠭ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠶᠢᠮᠠᠭ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠷᠡᠭᠵᠢᠭᠦᠯᠬᠦ | ᠭᠤᠣᠯ ᠴᠣᠭᠴᠠ ᠳᠤ ᠰᠤᠭᠤᠴᠢᠨ ᠪᠠᠶᠢᠴᠠᠭᠠᠯᠲᠠ ᠬᠢᠬᠦ ᠶᠢᠨ ᠬᠠᠮᠲᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠪᠠ | ᠢᠯᠡᠷᠡᠭᠦᠯᠦᠭᠰᠡᠨ ᠠᠰᠠᠭᠤᠳᠠᠯ ᠤᠨ ᠲᠤᠭ᠎ᠠ ᠬᠡᠮᠵᠢᠶ᠎ᠡ ︵ᠬᠠᠷᠢᠴᠠᠯ︶ ᠪᠠᠷ ᠡᠭᠦᠷᠭᠡ ᠪᠠᠨ ᠪᠡᠶᠡᠯᠡᠭᠦᠯᠦᠭᠰᠡᠨ ᠬᠡᠮᠵᠢᠶ᠎ᠡ ᠶᠢ | ᠵᠣᠬᠢᠴᠠᠩᠭᠤᠢ ᠪᠠᠷ ᠬᠠᠷᠭᠤᠭᠤᠯᠤᠨ ᠬᠠᠰᠤᠨ᠎ᠠ᠃ ᠴᠠᠷᠭᠠᠰᠤ ᠶᠢ ᠰᠢᠯᠭᠠᠨ ᠠᠪᠬᠤ᠄ ᠠᠶᠢᠮᠠᠭ ᠬᠤᠲᠠ ᠶᠢᠨ ᠲᠠᠷᠢᠶᠠᠯᠠᠩ | ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠷᠥᠯ ᠵᠦᠢᠯ ᠢ ᠬᠠᠷᠭᠤᠭᠤᠯᠤᠨ ᠪᠠᠶᠢᠴᠠᠭᠠᠵᠤ | ᠰᠢᠯᠭᠠᠨ ᠠᠪᠬᠤ ᠶᠢ ᠬᠠᠷᠢᠭᠤᠴᠠᠨ᠎ᠠ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠲᠥᠷᠥᠯ ᠵᠦᠢᠯ ᠤᠨ ᠨᠢᠭᠡᠴᠡ ᠶᠢᠨ ᠰᠢᠯᠭᠠᠨ ᠠᠪᠬᠤ ᠭᠤᠶᠤᠴᠢᠯᠠᠯ ᠢ ᠣᠯᠣᠭᠰᠠᠨ ᠤ ᠳᠠᠷᠠᠭ᠎ᠠ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠵᠤ ᠰᠢᠯᠭᠠᠨ ᠠᠪᠬᠤ ᠳᠤᠭᠤᠶᠢᠯᠠᠩ ᠢ | ᠪᠦᠷᠢᠯᠳᠦᠭᠦᠯᠵᠦ ᠲᠤᠬᠠᠢ ᠶᠢᠨ ᠲᠠᠯᠠᠪᠤᠷ ᠲᠤᠨᠢ ᠬᠢᠨᠠᠨ ᠲᠣᠭᠲᠠᠭᠠᠵᠤ ᠰᠢᠯᠭᠠᠨ ᠠᠪᠬᠤ ᠬᠡᠷᠡᠭᠲᠡᠢ᠃ | ︵4︶ ᠰᠢᠯᠭᠠᠨ ᠠᠪᠬᠤ ᠪᠠᠷᠢᠮᠵᠢᠶ᠎ᠠ᠃ ᠬᠤᠨᠢᠨ ᠡᠪᠡᠰᠦ᠂ ᠨᠢᠭᠡᠳᠦᠭᠡᠷ ᠵᠢᠯ ᠳᠤ ᠳᠠᠷᠢᠭᠰᠠᠨ ᠬᠤᠨᠢᠨ ᠡᠪᠡᠰᠦ ᠶᠢᠨ | ᠲᠡᠭᠰᠢ ᠳᠥᠷᠪᠡᠯᠵᠢᠨ ᠮᠧᠲᠷ ᠪᠦᠷᠢ ᠶᠢᠨ ᠤᠷᠭᠤᠮᠠᠯ ᠤᠨ ᠲᠤᠭ᠎ᠠ ᠨᠢ ᠬᠠᠮᠤᠭ ᠤᠨ ᠪᠠᠭ᠎ᠠ ᠳᠤ ᠪᠠᠨ 20 | ᠰᠠᠭᠤᠷᠢ ᠲᠠᠢ ᠡᠰᠡᠬᠦᠯ᠎ᠡ ᠡᠭᠦᠨ ᠠᠴᠠ ᠶᠡᠭᠡ ᠪᠠᠶᠢᠵᠤ᠂ ᠤᠷᠭᠤᠯᠲᠠ ᠶᠢᠨ ᠥᠨᠳᠥᠷ ᠨᠢ ᠬᠠᠮᠤᠭ ᠤᠨ ᠪᠠᠭ᠎ᠠ ᠳᠤ ᠪᠠᠨ | 6 ᠰᠠᠨᠲ᠋ᠢᠮᠧᠲᠷ ᠡᠰᠡᠬᠦᠯ᠎ᠡ ᠡᠭᠦᠨ ᠠᠴᠠ ᠥᠨᠳᠥᠷ ᠪᠠᠶᠢᠬᠤ ᠬᠡᠷᠡᠭᠲᠡᠢ ︵ᠠᠶᠢᠮᠠᠭ ᠬᠤᠲᠠ ᠨᠢ ᠣᠷᠣᠨ ᠨᠤᠲᠤᠭ ᠤᠨ | ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠂ ᠭᠡᠪᠡᠴᠦ ᠲᠣᠰ | ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︶︔ ᠬᠤᠶᠠᠳᠤᠭᠠᠷ ᠵᠢᠯ ᠪᠣᠯᠣᠨ ᠭᠤᠷᠪᠠᠳᠤᠭᠠᠷ ᠵᠢᠯ ᠳᠤ | ᠰᠢᠯᠭᠠᠨ ᠠᠪᠬᠤ ᠪᠠᠷᠢᠮᠵᠢᠶ᠎ᠠ ᠶᠢ ᠦᠨᠳᠦᠰᠦᠯᠡᠨ ᠰᠢᠯᠭᠠᠨ ᠠᠪᠤᠨ᠎ᠠ ︵ᠬᠤᠶᠠᠳᠤᠭᠠᠷ ᠵᠢᠯ ᠪᠣᠯᠣᠨ ᠭᠤᠷᠪᠠᠳᠤᠭᠠᠷ | ᠵᠢᠯ ᠤᠨ ᠰᠢᠯᠭᠠᠨ ᠠᠪᠬᠤ ᠪᠠᠷᠢᠮᠵᠢᠶ᠎ᠠ ᠶᠢ ᠠᠶᠢᠮᠠᠭ ᠬᠤᠲᠠ ᠠᠴᠠ ᠣᠷᠣᠨ ᠨᠤᠲᠤᠭ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠰᠢᠯᠭᠠᠨ ᠠᠪᠬᠤ ᠪᠠᠷᠢᠮᠵᠢᠶ᠎ᠠ ᠪᠠᠨ ᠥᠪᠡᠰᠦᠪᠡᠨ ᠲᠣᠭᠲᠠᠭᠠᠨ᠎ᠠ︶᠃ ᠨᠤᠬᠠᠢ ᠶᠢᠨ ᠬᠤᠰᠢᠭᠤ᠂ | ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠶᠢᠨ ᠭᠠᠷᠤᠯᠲᠠ ᠨᠢ ᠡᠷᠬᠡᠪᠰᠢ ᠮᠦ ᠪᠦᠷᠢ 400 ᠺᠢᠯᠣᠭ᠍ᠷᠠᠮ ᠠᠴᠠ | ᠳᠡᠭᠡᠭᠰᠢ ᠪᠠᠶᠢᠬᠤ ᠬᠡᠷᠡᠭᠲᠡᠢ ︵ᠬᠠᠭᠤᠷᠠᠢ ᠲᠠᠷᠢᠶᠠᠯᠠᠭ᠎ᠠ ᠶᠢᠨ ᠨᠥᠬᠦᠴᠡᠯ ᠳᠣᠣᠷ᠎ᠠ᠂ ᠠᠶᠢᠮᠠᠭ ᠬᠤᠲᠠ ᠵᠣᠬᠢᠰᠲᠠᠢ | ᠲᠣᠬᠢᠷᠠᠭᠤᠯᠤᠯᠲᠠ ᠬᠢᠵᠦ ᠪᠣᠯᠣᠨ᠎ᠠ︶᠃ ᠴᠠᠷᠭᠠᠰᠤ᠂ ᠳᠠᠷᠢᠭᠰᠠᠨ ᠨᠢᠭᠡᠳᠦᠭᠡᠷ ᠵᠢᠯ ᠳᠤ᠂ ᠴᠠᠷᠭᠠᠰᠤ ᠶᠢᠨ ᠬᠠᠪᠤᠷ ᠤᠨ | ᠲᠠᠷᠢᠶᠠᠯᠠᠭ᠎ᠠ ᠶᠢᠨ ᠴᠢᠬᠢᠯᠡᠬᠦ ᠨᠤᠷᠮ᠎ᠠ ᠶᠢ 85% ᠠᠴᠠ ᠳᠡᠭᠡᠭᠰᠢ ᠳᠤ ᠬᠦᠷᠭᠡᠵᠦ᠂ ᠬᠠᠳᠤᠵᠤ ᠬᠤᠷᠢᠶᠠᠭᠰᠠᠨ | ᠨᠢᠭᠡᠳᠦᠭᠡᠷ ᠬᠤᠭᠤᠴᠠᠭᠠᠨ ᠤ ᠬᠠᠭᠤᠷᠠᠢ ᠡᠪᠡᠰᠦᠨ ᠤ ᠤᠨᠠᠯᠲᠠ ᠶᠢ 150 ᠺᠢᠯᠣᠭ᠍ᠷᠠᠮ ᠠᠴᠠ ᠳᠡᠭᠡᠭᠰᠢ ᠪᠠᠶᠢᠯᠭᠠᠨ᠎ᠠ︔ | ᠵᠣᠨ ᠤ ᠲᠠᠷᠢᠶᠠᠯᠠᠭ᠎ᠠ ᠶᠢᠨ ᠴᠢᠬᠢᠯᠡᠬᠦ ᠨᠣᠷᠮ᠎ᠠ ᠶᠢ 85% ᠠᠴᠠ ᠳᠡᠭᠡᠭᠰᠢ ᠬᠡᠮᠵᠢᠶᠡᠨ ᠳᠤ ᠬᠦᠷᠭᠡᠵᠦ᠂ ᠡᠪᠦᠯᠵᠢᠬᠦ ᠳᠤ | ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠶᠢ 10 ᠰᠠᠨᠲ᠋ᠢᠮᠧᠲᠷ ᠠᠴᠠ ᠳᠡᠭᠡᠭᠰᠢ ᠪᠠᠶᠢᠯᠭᠠᠨ᠎ᠠ᠃ ᠲᠠᠷᠢᠭᠠᠳ ᠨᠢᠭᠡ | ᠵᠢᠯ ᠠᠴᠠ ᠪᠤᠯᠤᠭᠰᠠᠨ ᠴᠠᠷᠭᠠᠰᠤ ᠶᠢᠨ ᠨᠤᠭᠤᠭᠠᠷᠠᠯᠳᠠ ᠶᠢᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠵᠦ᠂ | ᠴᠠᠷᠭᠠᠰᠤ ᠡᠪᠡᠰᠦᠨ ᠤ ᠲᠠᠷᠢᠶ᠎ᠠ ᠶᠢᠨ ᠵᠢᠯ ᠤᠨ ᠮᠦ ᠪᠦᠷᠢ ᠶᠢᠨ ᠤᠨᠠᠯᠲᠠ ᠶᠢ 400 ᠺᠢᠯᠣᠭ᠍ᠷᠠᠮ ᠠᠴᠠ ᠳᠡᠭᠡᠭᠰᠢ ᠳᠤ | ᠬᠦᠷᠦᠭᠦᠯᠵᠦ᠂ ᠡᠭᠦᠨ ᠳᠤ ᠤᠰᠤ ᠠᠷᠪᠢᠯᠠᠬᠤ ᠤᠰᠤᠯᠠᠯᠲᠠ ᠶᠢᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ | ᠨᠥᠬᠦᠴᠡᠯ ᠤᠨ ᠳᠠᠷᠠᠭ᠎ᠠ ᠵᠢᠯ ᠤᠨ ᠮᠦ ᠪᠦᠷᠢ ᠶᠢᠨ ᠤᠨᠠᠯᠲᠠ ᠶᠢ 800 ᠺᠢᠯᠣᠭ᠍ᠷᠠᠮ ᠠᠴᠠ ᠳᠡᠭᠡᠭᠰᠢ ᠳᠤ ᠬᠦᠷᠦᠭᠦᠯᠬᠦ | ᠬᠡᠷᠡᠭᠲᠡᠢ᠃ ᠵᠠᠷᠴᠢᠮ ᠳᠡᠭᠡᠷ᠎ᠡ ᠪᠠᠨ᠂ ᠬᠦᠢᠲᠡᠨ ᠰᠡᠷᠢᠭᠦᠨ ᠪᠦᠰᠡ ᠳᠤ ᠪᠠᠶᠢᠭ᠎ᠠ ᠠᠶᠢᠮᠠᠭ ᠬᠤᠲᠠ ᠪᠣᠳᠠᠲᠠᠢ | ᠪᠠᠶᠢᠳᠠᠯ ᠢᠶᠠᠨ ᠦᠨᠳᠦᠰᠦᠯᠡᠨ ᠮᠦ ᠪᠦᠷᠢ ᠶᠢᠨ ᠤᠨᠠᠯᠲᠠ ᠶᠢᠨ ᠪᠠᠷᠢᠮᠵᠢᠶ᠎ᠠ ᠳᠤ ᠵᠣᠬᠢᠰᠲᠠᠢ ᠲᠣᠬᠢᠷᠠᠭᠤᠯᠤᠯᠲᠠ ᠬᠢᠵᠦ | ᠪᠣᠯᠣᠨ᠎ᠠ᠂ ᠭᠡᠬᠦ ᠳᠡᠭᠡᠨ 400 ᠺᠢᠯᠣᠭ᠍ᠷᠠᠮ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠠᠶᠢᠮᠠᠭ ᠬᠤᠳᠠ ᠣᠷᠣᠨ | ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠯᠭᠠᠨ ᠠᠪᠬᠤ ᠲᠡᠰ ᠳᠠᠷᠠᠭᠠᠯᠠᠯ ᠪᠣᠯᠣᠨ ᠰᠢᠯᠭᠠᠨ | ᠠᠪᠬᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ | ︵5︶ ᠵᠠᠷᠯᠠᠨ ᠨᠡᠶᠢᠲᠡᠯᠡᠬᠦ᠃ ᠰᠢᠯᠭᠠᠨ ᠠᠪᠬᠤ ᠶᠢ ᠪᠠᠲᠤᠯᠠᠭᠰᠠᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠰᠢᠯᠭᠠᠨ ᠠᠪᠤᠭᠰᠠᠨ ᠦᠷ᠎ᠡ | ᠳ᠋ᠦᠩ ᠢᠶᠠᠨ ᠲᠤᠬᠠᠢ ᠶᠢᠨ ᠭᠠᠵᠠᠷ ᠲᠠᠭᠠᠨ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠢ 5 ᠠᠵᠢᠯᠯᠠᠬᠤ | ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ︵6︶ ᠨᠦᠬᠦᠪᠦᠷᠢ ᠤᠯᠭᠤᠬᠤ᠃ ᠬᠤᠨᠢᠨ ᠡᠪᠡᠰᠦ ᠪᠠ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠶᠢᠨ | ᠪᠡᠯᠡ ᠮᠥᠩᠭᠦ ᠶᠢ ᠣᠯᠭᠤᠨ᠎ᠠ᠄ ᠬᠡᠷᠡᠭᠵᠢᠭᠦᠯᠬᠦ ᠭᠤᠣᠯ ᠴᠣᠭᠴᠠ ᠨᠢ ᠰᠢᠯᠭᠠᠨ ᠠᠪᠬᠤ ᠶᠢᠨ ᠬᠠᠮᠲᠤ ᠢᠯᠡ | ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠲᠠᠷᠢᠮᠠᠯ ᠤᠨ ᠨᠥᠬᠦᠪᠦᠷᠢ ᠶᠢᠨ ᠪᠡᠯᠡ ᠮᠥᠩᠭᠦ ᠶᠢ ᠬᠡᠷᠡᠭᠵᠢᠭᠦᠯᠬᠦ ᠭᠤᠣᠯ | ᠴᠣᠭᠴᠠ ᠳᠤ ᠪᠡᠯᠡ ᠮᠦᠩᠬᠦ ᠥᠭᠬᠦ ᠶᠢ ᠭᠤᠶᠤᠴᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ︽ᠲᠥᠰᠥᠭᠡᠯᠡᠵᠦ ᠪᠠᠭᠤᠯᠭᠠᠬᠤ᠂ ᠪᠣᠳᠠᠲᠠᠢ ᠪᠠᠷ ᠳ᠋ᠦᠩᠨᠡᠨ ᠪᠤᠳᠤᠬᠤ︾ ᠠᠷᠭ᠎ᠠ ᠮᠠᠶ᠋ᠢᠭ ᠢᠶᠠᠷ | ᠬᠤᠪᠢᠶᠠᠷᠢᠯᠠᠭᠰᠠᠨ ᠪᠡᠯᠡ ᠮᠥᠩᠭᠦ ᠶᠢ ᠲᠥᠰᠥᠭᠡᠯᠡᠨ ᠪᠤᠳᠤᠵᠤ᠂ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ᠂ ᠪᠣᠳᠠᠲᠠᠢ ᠪᠠᠷ ᠳ᠋ᠦᠩᠨᠡᠨ ᠪᠤᠳᠤᠬᠤ︾ ᠠᠷᠭ᠎ᠠ | ᠮᠠᠶ᠋ᠢᠭ ᠢᠶᠠᠷ ᠡᠭᠦᠷᠭᠡᠯᠡᠵᠦ ᠪᠦᠬᠦᠢ ᠳᠠᠷᠢᠬᠤ ᠡᠭᠦᠷᠭᠡ ᠳᠤ ᠲᠠᠰ ᠳᠠᠷᠠᠭᠠᠯᠠᠯ ᠪᠠ ᠴᠠᠭ ᠤᠨ ᠳᠠᠷᠠᠭᠠᠯᠠᠯ ᠢᠶᠠᠷ ᠨᠥᠬᠦᠪᠦᠷᠢ | ᠥᠭᠭᠦᠨ᠎ᠡ᠃ ᠴᠠᠷᠭᠠᠰᠤ ᠶᠢᠨ ᠪᠡᠯᠡ ᠮᠥᠩᠭᠦ ᠶᠢ ᠣᠯᠭᠤᠬᠤ᠄ ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ᠂ | ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠴᠤ᠂ ᠲᠥᠷᠥᠯ ᠵᠦᠢᠯ ᠢ ᠰᠢᠯᠭᠠᠨ | ᠠᠪᠤᠭᠰᠠᠨ ᠤ ᠳᠠᠷᠠᠭ᠎ᠠ᠂ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ | ᠴᠢᠳᠠᠮᠵᠢᠲᠤ ᠺᠠᠷᠲ︾ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠠᠪᠴᠠᠩ ᠢᠶᠠᠷ ᠳᠡᠮᠵᠢᠨ ᠨᠥᠬᠦᠪᠦᠷᠢ ᠣᠯᠭᠤᠬᠤ | ᠡᠲᠡᠭᠡᠳ ᠲᠤ ᠣᠯᠭᠤᠨ᠎ᠠ᠃ |