ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/19
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 41 ᠳ᠋ᠤᠭᠡᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠦᠬᠠᠢ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠠᠨᠠᠷ ᠤᠨ ᠤᠯᠠᠭᠠᠨ ᠦᠨᠳᠦᠰᠦᠲᠡᠨ ᠤ ᠰᠡᠳᠬᠢᠯᠭᠡ ᠶᠢ ᠲᠤᠰᠬᠠᠵᠤ᠂ ᠲᠠᠷᠢᠶᠠᠯᠠᠩ ᠮᠠᠯ ᠠᠵᠤ ᠠᠬᠤᠢ ᠬᠠᠮᠲᠤᠪᠠᠷ ᠡᠬᠡ ᠤᠯᠤᠰ ᠤᠨ ᠵᠡᠭᠦᠳᠦ ᠪᠡᠨ‌‍ᠲ᠋ᠡᠷᠭᠡᠯᠰᠢᠭᠦᠯᠬᠦ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃ 
图片1.png
       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠢᠶ᠎ᠠ ᠪᠦᠬᠦᠢ ᠰᠠᠯᠠᠭ᠎ᠠ ᠲᠠᠰᠤᠭ ᠵᠢᠴᠢ ᠬᠤᠶᠠᠳᠤᠭᠠᠷ ᠳᠡᠰ ᠤᠨ ᠨᠢᠭᠡᠴᠡ ᠶᠢᠨ ᠠᠵᠢᠯᠲᠠᠳ ᠢ ᠵᠣᠬᠢᠶᠠᠨ ᠪᠠᠶᠢᠭᠤᠯᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠵᠢᠴᠢ ᠤᠬᠠᠭᠤᠯᠭ᠎ᠠ ᠶᠢᠨ ᠤᠭᠤᠲᠠ ᠲᠠᠷᠬᠠᠭᠠᠬᠤ ᠪᠠᠷ ᠳᠠᠮᠵᠢᠭᠤᠯᠵᠤ᠂ ᠤᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠠᠵᠢᠯ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠢᠶ᠎ᠠ ᠪᠦᠬᠦᠢ ᠠᠭᠤᠯᠭ᠎ᠠ ᠶᠢ ᠤᠬᠠᠭᠤᠯᠤᠨ ᠪᠠᠲᠤᠳᠬᠠᠬᠤ ᠶᠢᠨ ᠬᠠᠮᠲᠤ ᠤᠯᠠᠨ ᠲᠦᠮᠡᠨ ᠤ ᠳᠤᠷ᠎ᠠ ᠰᠣᠨᠢᠷᠬᠠᠯ ᠲᠠᠢ ᠲᠠᠷᠢᠶᠠᠯᠠᠩ ᠤᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠢ᠃ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠪᠠᠰᠠ ᠤᠷᠠᠨ ᠰᠠᠶᠢᠬᠠᠨ ᠤ ᠲᠣᠭᠯᠠᠯᠲᠠ ᠶᠢᠨ ᠴᠤᠭᠯᠠᠭᠠᠨ᠂ ᠠᠷᠠᠳ ᠤᠨ ᠴᠡᠩᠭᠡᠯ ᠤᠨ ᠬᠤᠳᠠᠯᠳᠤᠭ᠎ᠠ᠂ ᠰᠣᠶᠣᠯ ᠤᠨ ᠦᠵᠡᠭᠦᠯᠭᠡ ᠵᠡᠷᠭᠡ ᠭᠤᠶᠢᠳᠠ ᠰᠠᠶᠢᠬᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠤᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ 
图片2.png
       ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠤᠯᠠᠨ ᠲᠦᠮᠡᠨ ᠪᠣᠯᠣᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠣᠶᠢᠯᠠᠭᠠᠭᠳᠠᠬᠤᠨ ᠢ ᠨᠡᠩ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠥᠷᠭᠡᠨ ᠤᠯᠠᠨ ᠺᠠᠳ᠋ᠷ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠵᠦ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠢᠯᠡᠳᠦᠯᠭᠡᠵᠢᠭᠦᠯᠦᠭᠴᠢ ᠪᠠ ᠬᠠᠮᠠᠭᠠᠯᠠᠭᠴᠢ ᠪᠤᠯᠤᠭᠰᠠᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号