ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠬᠤᠷᠢᠶᠠᠯᠲᠠ ᠶᠢᠨ ᠴᠠᠭ ᠠᠭᠤᠷ ᠤᠨ ᠦᠢᠯᠡᠴᠢᠯᠡᠭᠡᠨ ᠤ ᠲᠤᠰᠬᠠᠢ ᠮᠡᠳᠡᠭᠡ
ᠨᠡᠶᠢᠲᠡᠯᠡᠭᠰᠡᠨ ᠴᠠᠭ᠄
2024/9/19
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 9 ᠰᠠᠷ᠎ᠠ ᠶᠢᠨ 19 ᠤ ᠡᠳᠦᠷ ᠬᠠᠮᠲᠤᠷᠠᠨ ᠨᠠᠮᠤᠷ ᠤᠨ ᠬᠤᠷᠢᠶᠠᠯᠲᠠ ᠶᠢᠨ ᠴᠠᠭ ᠠᠭᠤᠷ ᠤᠨ ᠦᠢᠯᠡᠴᠢᠯᠡᠭᠡᠨ ᠤ ᠲᠤᠰᠬᠠᠢ ᠮᠡᠳᠡᠭᠡ ᠶᠢ ᠮᠡᠳᠡᠭᠡᠯᠡᠪᠡ᠃      ᠲᠣᠪᠴᠢᠯᠠᠯ᠄ ᠣᠳᠣᠬᠠᠨ ᠮᠠᠨ ᠤ ᠣᠷᠣᠨ ᠤ ᠭᠤᠣᠯ ᠪᠣᠯᠬᠤ ᠲᠠᠷᠢᠮᠠᠯ ᠢ ᠶᠡᠭᠡ ᠬᠡᠪᠴᠢᠶ᠎ᠡ ᠪᠠᠷ ᠬᠤᠷᠢᠶᠠᠬᠤ ᠬᠤᠭᠤᠴᠠᠭᠠᠨ ᠳᠤ ᠣᠷᠤᠭ᠎ᠠ ᠦᠭᠡᠢ᠂ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ ᠤ ᠡᠷᠳᠡᠨᠢ ᠰᠢᠰᠢ ᠶᠢ ᠬᠤᠷᠢᠶᠠᠬᠤ ᠬᠤᠭᠤᠴᠠᠭᠠᠨ ᠳᠤ ᠣᠷᠤᠭ᠎ᠠ ᠦᠭᠡᠢ᠂ ᠳᠤᠮᠳᠠ ᠪᠠ ᠵᠡᠭᠦᠨ ᠬᠡᠰᠡᠭ ᠤᠨ ᠲᠠᠷᠢᠶᠠᠯᠠᠬᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠴᠥᠮ ᠬᠤᠷᠢᠶᠠᠬᠤ ᠬᠤᠭᠤᠴᠠᠭᠠᠨ ᠳᠤ ᠣᠷᠤᠭ᠎ᠠ ᠦᠭᠡᠢ᠃ ᠬᠤᠶᠢᠰᠢᠳᠠ ᠶᠢᠨ ᠲᠤᠯᠤᠭᠠᠨ ᠡᠳᠦᠷ ᠲᠤ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠡᠮᠦᠨᠡᠭᠦᠷᠬᠢ ᠲᠠᠷᠢᠶᠠᠯᠠᠬᠤ ᠣᠷᠣᠨ ᠤ ᠬᠤᠷ᠎ᠠ ᠲᠤᠨᠳᠠᠰᠤ ᠨᠢ ᠬᠥᠷᠥᠰᠥ ᠰᠢᠷᠣᠢ ᠶᠢᠨ ᠴᠢᠭᠢᠭᠯᠢᠭ ᠤᠨ ᠬᠡᠮᠵᠢᠶ᠎ᠡ ᠶᠢ ᠨᠡᠯᠢᠶᠡᠳ ᠶᠡᠭᠡ ᠪᠣᠯᠭᠠᠵᠤ᠂ ᠲᠠᠷᠢᠮᠠᠯ ᠤᠨ ᠬᠤᠷᠢᠶᠠᠯᠲᠠ᠂ ᠬᠠᠲᠠᠭᠠᠬᠤ ᠳᠤ ᠨᠡᠯᠢᠶᠡᠳ ᠠᠰᠢᠭ ᠦᠭᠡᠢ ᠶᠤᠮ᠃      ᠨᠢᠭᠡ᠂ ᠣᠳᠣᠬᠠᠨ ᠤ ᠨᠠᠮᠤᠷ ᠤᠨ ᠬᠤᠷᠢᠶᠠᠯᠲᠠ ᠶᠢᠨ ᠠᠬᠢᠴᠠ ᠵᠢᠴᠢ ᠲᠠᠷᠢᠮᠠᠯ ᠤᠨ ᠪᠤᠶᠢᠵᠢᠯᠲᠠ ᠶᠢᠨ ᠠᠬᠢᠴᠠ᠃ ᠣᠳᠣᠬᠠᠨ ᠳᠤ᠂ ᠶᠡᠬᠡᠩᠬᠢ ᠲᠠᠷᠢᠶᠠᠯᠠᠬᠤ ᠣᠷᠣᠨ ᠤ ᠭᠤᠣᠯ ᠪᠣᠯᠬᠤ ᠨᠠᠮᠤᠷ ᠤᠨ ᠬᠤᠷᠢᠶᠠᠯᠲᠠ ᠶᠢᠨ ᠲᠠᠷᠢᠮᠠᠯ ᠬᠤᠶᠢᠨ᠎ᠠ ᠬᠤᠶᠢᠨ᠎ᠠ ᠠᠴᠠ ᠪᠠᠨ ᠪᠣᠯᠪᠠᠰᠤᠷᠠᠵᠤ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠵᠤ᠂ ᠪᠤᠭᠤᠳᠠᠢ ᠶᠢᠨ ᠬᠤᠷᠢᠶᠠᠯᠲᠠ ᠰᠢᠪᠲᠤᠷᠭᠠᠨ ᠳᠠᠭᠠᠨ ᠣᠷᠣᠵᠤ᠂ ᠳᠤᠮᠳᠠ ᠪᠠᠷᠠᠭᠤᠨ ᠣᠷᠣᠨ ᠤ ᠬᠡᠰᠡᠭ ᠲᠠᠷᠢᠶᠠᠯᠠᠬᠤ ᠣᠷᠣᠨ ᠳᠤ ᠨᠢᠭᠡᠨᠲᠡ ᠪᠣᠯᠪᠠᠰᠤᠷᠠᠭᠰᠠᠨ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ ᠢ ᠬᠤᠷᠢᠶᠠᠵᠤ ᠡᠬᠢᠯᠡᠪᠡ᠃ 9 ᠰᠠᠷ᠎ᠠ ᠠᠴᠠ ᠨᠠᠭᠠᠰᠢ ᠪᠣᠷᠣᠭᠠᠨ ᠲᠠᠬᠢᠨ ᠳᠠᠪᠲᠠᠨ ᠣᠷᠣᠵᠤ᠂ ᠳᠤᠮᠳᠠ ᠪᠠᠷᠠᠭᠤᠨ ᠬᠡᠰᠡᠭ ᠤᠨ ᠶᠡᠬᠡᠩᠬᠢ ᠲᠠᠷᠢᠶᠠᠯᠠᠬᠤ ᠣᠷᠣᠨ ᠳᠤ ᠣᠯᠠᠨ ᠡᠳᠦᠷ ᠳᠠᠷᠠᠭᠠᠯᠠᠨ ᠪᠦᠷᠬᠦᠭ ᠪᠣᠷᠣᠭᠠᠨ ᠲᠠᠢ ᠠᠭᠤᠷ ᠠᠮᠢᠰᠬᠤᠯ ᠢᠯᠡᠷᠡᠵᠦ᠂ ᠪᠣᠷᠣᠭᠠᠨ ᠤ ᠬᠡᠮᠵᠢᠶ᠎ᠡ ᠨᠡᠯᠢᠶᠡᠳ ᠶᠡᠭᠡ ᠠᠴᠠ ᠪᠣᠯᠵᠤ ᠬᠡᠰᠡᠭ ᠭᠠᠵᠠᠷ ᠲᠤ ᠬᠥᠷᠥᠰᠥ ᠰᠢᠷᠣᠢ ᠬᠡᠲᠦ ᠨᠣᠶᠢᠲᠠᠨ ᠪᠤᠶᠤ ᠤᠰᠤ ᠬᠤᠷᠠᠵᠤ᠂ ᠲᠠᠷᠢᠮᠠᠯ ᠤᠨ ᠦᠨᠳᠦᠰᠦᠨ ᠤ ᠰᠢᠰᠲ᠋ᠧᠮ ᠬᠦᠴᠢᠯᠲᠥ᠋ᠷᠥᠭᠴᠢ ᠳᠤᠲᠠᠭᠳᠠᠬᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠡᠰᠡᠭ ᠭᠠᠵᠠᠷ ᠣᠷᠣᠨ ᠳᠤ ᠨᠡᠷᠡᠨ ᠬᠤᠸᠠᠷ ᠤᠨ ᠦᠨᠳᠦᠰᠦ ᠢᠯᠵᠢᠷᠡᠬᠦ᠂ ᠨᠠᠯᠠᠨ ᠤᠨᠠᠬᠤ ᠵᠡᠷᠭᠡ ᠦᠵᠡᠭᠳᠡᠯ ᠢᠯᠡᠷᠡᠵᠡᠢ᠃ ᠪᠦᠷᠬᠦᠭ ᠪᠣᠷᠣᠭᠠᠨ ᠲᠠᠢ ᠴᠠᠭ ᠠᠭᠤᠷ ᠤᠨ ᠨᠥᠯᠥᠭᠡ ᠠᠴᠠ ᠪᠣᠯᠵᠤ᠂ ᠨᠡᠷᠡᠨ ᠤ ᠲᠤᠰᠤᠯᠲᠠ ᠶᠢᠨ ᠨᠥᠬᠦᠴᠡᠯ ᠪᠠᠷᠤᠭᠲᠠᠢ᠂ ᠲᠠᠷᠢᠮᠠᠯ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠢ ᠨᠥᠯᠥᠭᠡᠯᠡᠵᠦ᠂ ᠡᠷᠳᠡᠨᠢ ᠰᠢᠰᠢ ᠶᠢᠨ ᠵᠢᠪᠡᠷᠡᠬᠦ ᠡᠪᠡᠳᠴᠢᠨ᠂ ᠲᠥᠮᠥᠰᠥ ᠶᠢᠨ ᠬᠢᠵᠢᠭ  ᠰᠢᠷ᠎ᠠ ᠪᠤᠷᠴᠠᠭ ᠤᠨ ᠦᠨᠳᠦᠰᠦᠨ ᠤ ᠢᠯᠵᠢᠷᠡᠬᠦ ᠡᠪᠡᠳᠴᠢᠨ ᠵᠡᠷᠭᠡ ᠣᠯᠠᠨ ᠵᠦᠢᠯ ᠤᠨ ᠡᠪᠡᠳᠴᠢᠨ ᠤ ᠬᠥᠨᠥᠭᠡᠯ ᠢ ᠠᠮᠠᠷᠬᠠᠨ ᠬᠦᠨᠳᠦᠷᠡᠭᠦᠯᠵᠦ᠂ ᠣᠷᠣᠢ ᠪᠣᠯᠪᠠᠰᠤᠷᠠᠬᠤ ᠲᠠᠷᠢᠮᠠᠯ ᠤᠨ ᠤᠨᠠᠯᠲᠠ ᠶᠢᠨ ᠪᠦᠷᠢᠯᠳᠦᠬᠦ ᠪᠠ ᠶᠠᠰᠤ ᠴᠢᠨᠠᠷ ᠢ ᠨᠥᠯᠥᠭᠡᠯᠡᠳᠡᠭ᠃      ᠬᠤᠶᠠᠷ᠂ ᠢᠷᠡᠬᠦ ᠲᠤᠯᠤᠭᠠᠨ ᠡᠳᠦᠷ ᠤᠨ ᠴᠠᠭ ᠠᠭᠤᠷ ᠤᠨ ᠨᠠᠮᠤᠷ ᠤᠨ ᠬᠤᠷᠢᠶᠠᠯᠲᠠ ᠳᠤ ᠦᠵᠡᠭᠦᠯᠬᠦ ᠨᠥᠯᠥᠭᠡ ᠶᠢᠨ ᠲᠤᠬᠠᠢ ᠵᠠᠳᠠᠯᠤᠯᠲᠠ ᠳᠤ ᠣᠶᠤᠨᠴᠢ ᠰᠦᠯᠵᠢᠶ᠎ᠡ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ 19 ᠤ ᠡᠳᠦᠷ ᠳᠤᠮᠳᠠ ᠪᠠᠷᠠᠭᠤᠨ ᠣᠷᠣᠨ ᠤ ᠲᠠᠷᠢᠶᠠᠯᠠᠬᠤ ᠣᠷᠣᠨ ᠳᠤ ᠶᠡᠭᠡ ᠬᠡᠪᠴᠢᠶ᠎ᠡ ᠪᠠᠷ ᠪᠣᠷᠣᠭᠠᠨ ᠣᠷᠣᠬᠤ ᠪᠣᠯᠣᠨ᠎ᠠ᠂ ᠵᠥᠪᠬᠡᠨ ᠣᠷᠳᠣᠰ ᠬᠤᠲᠠ ᠶᠢᠨ ᠵᠡᠭᠦᠨ ᠬᠤᠶᠢᠲᠤ ᠬᠡᠰᠡᠭ ᠨᠢ ᠬᠤᠷᠢᠶᠠᠬᠤ ᠳᠤ ᠲᠣᠬᠢᠷᠠᠮᠵᠢᠲᠠᠢ ᠣᠷᠣᠨ ᠪᠣᠯᠣᠨ᠎ᠠ︔ 20 ᠤ ᠡᠳᠦᠷ᠂ ᠬᠤᠷ᠎ᠠ ᠲᠤᠨᠳᠠᠰᠤ ᠠᠴᠠ ᠪᠣᠯᠵᠤ ᠬᠥᠷᠥᠰᠥ ᠰᠢᠷᠣᠢ ᠶᠢᠨ ᠴᠢᠭᠢᠭᠲᠦᠴᠡ ᠨᠡᠯᠢᠶᠡᠳ ᠶᠡᠭᠡ ᠪᠣᠯᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠡᠮᠦᠨᠡᠭᠦᠷᠬᠢ ᠶᠡᠬᠡᠩᠬᠢ ᠲᠠᠷᠢᠶᠠᠯᠠᠬᠤ ᠣᠷᠣᠨ  ᠨᠢ ᠬᠤᠷᠢᠶᠠᠬᠤ ᠳᠤ ᠲᠣᠬᠢᠷᠠᠮᠵᠢ ᠦᠭᠡᠢ ᠣᠷᠣᠨ ᠪᠠᠶᠢᠵᠤ᠂ ᠳᠤᠮᠳᠠ ᠪᠠ ᠪᠠᠷᠠᠭᠤᠨ ᠬᠡᠰᠡᠭ ᠤᠨ ᠪᠤᠰᠤᠳ ᠲᠠᠷᠢᠶᠠᠯᠠᠬᠤ ᠣᠷᠣᠨ  ᠨᠢ ᠬᠤᠷᠢᠶᠠᠬᠤ ᠳᠤ ᠲᠣᠬᠢᠷᠠᠮᠵᠢᠲᠠᠢ ᠣᠷᠣᠨ ᠪᠣᠯᠣᠨ᠎ᠠ︔ 21 ᠤ ᠡᠳᠦᠷ ᠠᠴᠠ 23 ᠤ ᠡᠳᠦᠷ ᠪᠣᠯᠲᠠᠯ᠎ᠠ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠡᠮᠦᠨᠡᠭᠦᠷᠬᠢ ᠬᠡᠰᠡᠭ ᠲᠠᠷᠢᠶᠠᠯᠠᠬᠤ ᠣᠷᠣᠨ ᠳᠤ ᠡᠮᠦᠨᠡᠬᠢ ᠬᠤᠭᠤᠴᠠᠭᠠᠨ ᠤ ᠬᠤᠷ᠎ᠠ ᠲᠤᠨᠳᠠᠰᠤ ᠠᠴᠠ ᠪᠣᠯᠵᠤ ᠬᠥᠷᠥᠰᠥ ᠰᠢᠷᠣᠢ ᠶᠢᠨ ᠴᠢᠭᠢᠭᠲᠦᠴᠡ ᠨᠡᠯᠢᠶᠡᠳ ᠶᠡᠭᠡ ᠪᠣᠯᠵᠤ᠂ ᠬᠤᠷᠢᠶᠠᠬᠤ ᠳᠤ ᠲᠣᠬᠢᠷᠠᠮᠵᠢ ᠦᠭᠡᠢ ᠣᠷᠣᠨ ᠪᠣᠯᠣᠨ᠎ᠠ︔ 24 ᠤ ᠡᠳᠦᠷ᠂ ᠳᠤᠮᠳᠠ ᠬᠡᠰᠡᠭ ᠤᠨ ᠡᠮᠦᠨᠡᠭᠦᠷᠬᠢ ᠲᠠᠷᠢᠶᠠᠯᠠᠬᠤ ᠣᠷᠣᠨ ᠨᠢ ᠪᠣᠷᠣᠭᠠᠨ ᠤ ᠨᠥᠯᠥᠭᠡ ᠪᠠᠷ ᠬᠤᠷᠢᠶᠠᠬᠤ ᠳᠤ ᠲᠣᠬᠢᠷᠠᠬᠤ ᠦᠭᠡᠢ ᠪᠤᠶᠤ ᠲᠣᠬᠢᠷᠠᠮᠵᠢ ᠦᠭᠡᠢ ᠣᠷᠣᠨ ᠪᠠᠶᠢᠵᠤ᠂ ᠣᠷᠳᠣᠰ ᠬᠤᠲᠠ ᠶᠢᠨ ᠵᠡᠭᠦᠨ ᠬᠡᠰᠡᠭ ᠵᠢᠴᠢ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ ᠤ ᠬᠥᠷᠥᠰᠥ ᠰᠢᠷᠣᠢ ᠶᠢᠨ ᠴᠢᠭᠢᠭᠲᠦᠴᠡ ᠨᠡᠯᠢᠶᠡᠳ ᠶᠡᠭᠡ ᠠᠴᠠ ᠪᠣᠯᠵᠤ ᠬᠤᠷᠢᠶᠠᠬᠤ ᠳᠤ ᠲᠣᠬᠢᠷᠠᠬᠤ ᠦᠭᠡᠢ ᠣᠷᠣᠨ ᠪᠣᠯᠣᠨ᠎ᠠ︔ 25 ᠤ ᠡᠳᠦᠷ᠂ ᠳᠤᠮᠳᠠ ᠬᠡᠰᠡᠭ ᠤᠨ ᠡᠮᠦᠨᠡᠭᠦᠷᠬᠢ ᠬᠡᠰᠡᠭ ᠲᠠᠷᠢᠶᠠᠯᠠᠬᠤ ᠣᠷᠣᠨ ᠤ ᠬᠥᠷᠥᠰᠥ ᠰᠢᠷᠣᠢ ᠶᠢᠨ ᠴᠢᠭᠢᠭᠲᠦᠴᠡ ᠨᠡᠯᠢᠶᠡᠳ ᠶᠡᠭᠡ ᠠᠴᠠ ᠪᠣᠯᠵᠤ ᠬᠤᠷᠢᠶᠠᠬᠤ ᠳᠤ ᠲᠣᠬᠢᠷᠠᠬᠤ ᠦᠭᠡᠢ ᠣᠷᠣᠨ ᠪᠠᠶᠢᠵᠤ᠂ ᠣᠷᠳᠣᠰ ᠬᠤᠲᠠ ᠶᠢᠨ ᠵᠡᠭᠦᠨ ᠬᠡᠰᠡᠭ ᠵᠢᠴᠢ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ ᠤ ᠪᠣᠷᠣᠭᠠᠨ ᠤ ᠨᠥᠯᠥᠭᠡ ᠪᠠᠷ ᠬᠤᠷᠢᠶᠠᠬᠤ ᠳᠤ ᠳᠡᠳ᠋ ᠲᠣᠬᠢᠷᠠᠮᠵᠢᠲᠠᠢ ᠪᠤᠶᠤ ᠬᠤᠷᠢᠶᠠᠬᠤ ᠳᠤ ᠲᠣᠬᠢᠷᠠᠬᠤ ᠦᠭᠡᠢ ᠣᠷᠣᠨ ᠪᠣᠯᠣᠨ᠎ᠠ︔ ᠪᠤᠰᠤᠳ ᠶᠡᠬᠡᠩᠬᠢ ᠬᠡᠰᠡᠭ ᠭᠠᠵᠠᠷ ᠣᠷᠣᠨ ᠤ ᠲᠠᠷᠢᠮᠠᠯ ᠪᠠᠰᠠ ᠬᠤᠷᠢᠶᠠᠬᠤ ᠬᠤᠭᠤᠴᠠᠭᠠᠨ ᠳᠠᠭᠠᠨ ᠣᠷᠣᠭᠠᠳᠤᠢ ᠪᠠᠶᠢᠭᠰᠠᠭᠠᠷ᠂ ᠢᠷᠡᠬᠦ 7 ᠡᠳᠦᠷ ᠲᠤ ᠪᠥᠬᠦ ᠣᠷᠣᠨ ᠤ ᠨᠠᠮᠤᠷ ᠤᠨ ᠬᠤᠷᠢᠶᠠᠯᠲᠠ ᠶᠢᠨ ᠲᠣᠬᠢᠷᠠᠮᠵᠢᠲᠠᠢ ᠬᠡᠮᠵᠢᠶ᠎ᠡ ᠶᠢᠨ ᠤᠷᠢᠳᠴᠢᠯᠠᠭᠰᠠᠨ ᠮᠡᠳᠡᠭᠡ ᠶᠢ ᠳᠣᠣᠷᠠᠬᠢ ᠵᠢᠷᠤᠭ ᠲᠤ ᠦᠵᠡᠭᠡᠷᠡᠢ᠃ ᠬᠤᠷ᠎ᠠ ᠲᠤᠨᠳᠠᠰᠤ ᠲᠠᠢ ᠴᠠᠭ ᠠᠭᠤᠷ ᠨᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠬᠥᠷᠥᠰᠥᠨ ᠤ ᠴᠢᠭᠢᠭ ᠤᠨ ᠪᠠᠶᠢᠳᠠᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠬᠡᠰᠡᠭ ᠣᠷᠣᠢ ᠪᠣᠯᠪᠠᠰᠤᠷᠠᠬᠤ ᠡᠷᠳᠡᠨᠢ ᠰᠢᠰᠢ ᠵᠡᠷᠭᠡ ᠲᠠᠷᠢᠮᠠᠯ ᠢ ᠭᠦᠢᠴᠡᠳ ᠡᠭᠡᠳᠡᠨ ᠪᠣᠯᠪᠠᠰᠤᠷᠠᠬᠤ ᠳᠤ ᠠᠰᠢᠭᠲᠠᠢ ᠪᠠᠶᠢᠳᠠᠭ᠂ ᠭᠡᠪᠡᠴᠦ ᠦᠶᠡᠷ ᠤᠰᠤᠲᠤᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠵᠦ᠂ ᠲᠠᠷᠢᠮᠠᠯ ᠢ ᠬᠤᠷᠢᠶᠠᠨ ᠬᠠᠲᠠᠭᠠᠬᠤ ᠳᠤ ᠠᠰᠢᠭ ᠦᠭᠡᠢ ᠨᠥᠯᠥᠭᠡ ᠦᠵᠡᠭᠦᠯᠳᠡᠭ᠃
1.png
2.png
3.png
4.png
5.png
      ᠭᠤᠷᠪᠠ᠂ ᠠᠷᠭᠠᠴᠠᠭᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ      1. ᠡᠯ᠎ᠡ ᠭᠠᠵᠠᠷ ᠤᠨ ᠬᠢᠨ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠵᠦᠢ ᠵᠣᠬᠢᠰᠲᠠᠢ ᠲᠣᠬᠢᠷᠠᠭᠤᠯᠵᠤ᠂ ᠨᠢᠭᠡᠨᠲᠡ ᠬᠤᠷᠢᠶᠠᠭᠰᠠᠨ ᠲᠠᠷᠢᠮᠠᠯ ᠢᠶᠠᠨ ᠴᠠᠭ ᠲᠤᠬᠠᠢ ᠳᠤᠨᠢ ᠲᠤᠩᠭᠠᠯᠠᠭ ᠰᠠᠶᠢᠬᠠᠨ ᠴᠠᠭ ᠠᠭᠤᠷ ᠢ ᠠᠮᠵᠢᠨ ᠨᠡᠷᠡᠨ ᠳᠤ ᠡᠭᠡᠭᠡᠵᠦ᠂ ᠲᠠᠷᠢᠮᠠᠯ ᠤᠨ ᠴᠢᠭᠢᠭᠲᠦᠬᠦ ᠶᠢ ᠰᠡᠷᠭᠡᠶᠢᠯᠡᠬᠦ ᠬᠡᠷᠡᠭᠲᠡᠢ᠃      2. ᠵᠢᠱᠢᠯᠲᠡ ᠪᠠᠷ 9 ᠰᠠᠷ᠎ᠠ ᠶᠢᠨ ᠬᠤᠷᠢᠳ ᠢᠶᠠᠷ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ  ᠶᠢ ᠶᠡᠭᠡ ᠬᠡᠮᠵᠢᠶ᠎ᠡ ᠪᠠᠷ ᠬᠤᠷᠢᠶᠠᠬᠤ ᠪᠣᠯᠣᠨ᠎ᠠ᠂ ᠡᠯ᠎ᠡ ᠭᠠᠵᠠᠷ ᠤᠨ ᠬᠢᠨ ᠬᠤᠷᠢᠶᠠᠯᠲᠠ ᠶᠢᠨ ᠪᠡᠯᠡᠳᠬᠡᠯ ᠢᠶᠠᠨ ᠤᠷᠢᠳᠴᠢᠯᠠᠨ ᠰᠠᠶᠢᠲᠤᠷ ᠬᠢᠵᠦ᠂ ᠴᠠᠭ ᠠᠭᠤᠷ ᠤᠨ ᠬᠤᠪᠢᠷᠠᠯᠲᠠ ᠶᠢ ᠠᠩᠬᠠᠷᠴᠤ᠂ ᠴᠠᠭ ᠲᠤᠬᠠᠢ ᠳᠤᠨᠢ ᠬᠤᠷᠢᠶᠠᠵᠤ᠂ ᠮᠥᠬᠦᠯᠢᠭ ᠪᠦᠬᠦᠨ  ᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号