ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠳᠤ ᠭᠠᠷᠭᠠᠭᠰᠠᠨ ᠴᠢᠬᠢ ᠮᠣᠳᠣ ᠠᠳᠠᠯᠢ ᠬᠤᠭᠤᠴᠠᠭᠠᠨ ᠤ  ᠬᠢ ᠠᠴᠠ 589% ᠪᠠᠷ ᠨᠡᠮᠡᠭᠳᠡᠵᠡᠢ
ᠨᠡᠶᠢᠲᠡᠯᠡᠭᠰᠡᠨ ᠴᠠᠭ᠄
2024/9/19
      ᠣᠶᠢᠷ᠎ᠠ ᠳᠤ᠂ ᠲᠤᠯᠤᠨ ᠨᠤᠤᠷ ᠰᠢᠶᠠᠨ ᠤ ᠴᠠᠩ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠴᠢᠬᠢ ᠮᠣᠳᠣᠨ ᠤ ᠰᠠᠭᠤᠷᠢᠨ ᠳᠤ ᠠᠵᠢᠯᠴᠢᠳ ᠵᠠᠭᠠᠷᠲᠤ ᠨᠠᠷᠠᠰᠤ᠂ ᠭᠠᠴᠤᠷ᠎ᠠ᠂ ᠬᠠᠶᠢᠯᠠᠰᠤ ᠵᠡᠷᠭᠡ ᠴᠢᠬᠢ ᠮᠣᠳᠣ ᠪᠠᠨ ᠬᠢᠴᠢᠶᠡᠮᠵᠢᠲᠡᠢ ᠪᠣᠭᠤᠳᠠᠯᠯᠠᠵᠤ᠂ ᠬᠢᠵᠢᠭ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠦᠭᠡᠳ ᠬᠢᠷᠢ ᠲᠡᠩᠴᠡᠭᠰᠡᠨ ᠤ ᠲᠠᠷᠠᠭ᠎ᠠ᠂ ᠲᠤᠰ ᠪᠦᠯᠦᠭ ᠴᠢᠬᠢ ᠮᠣᠳᠣ ᠪᠠᠨ ᠮᠣᠩᠭᠤᠯ ᠤᠯᠤᠰ ᠲᠤ ᠵᠥᠭᠡᠭᠡᠪᠦᠷᠢᠯᠡᠨ ᠬᠦᠷᠭᠡᠬᠦ ᠮᠠᠰᠢᠨ ᠳᠤ ᠭᠠᠷᠭᠠᠯ᠎ᠠ᠃      ᠡᠨᠡ ᠵᠢᠯ ᠠᠴᠠ ᠨᠠᠭᠠᠰᠢ ᠰᠢᠯᠢ ᠶᠢᠨ ᠭᠤᠣᠯ ᠠᠶᠢᠮᠠᠭ 26.7 ᠲᠦᠮᠡᠨ ᠰᠠᠭᠤᠷᠢ ᠴᠢᠬᠢ ᠮᠣᠳᠣ ᠶᠢ ᠭᠠᠳᠠᠭᠠᠳᠤ ᠳᠤ ᠭᠠᠷᠭᠠᠵᠤ᠂ ᠡᠨᠡ ᠨᠢ ᠠᠳᠠᠯᠢ ᠬᠤᠭᠤᠴᠠᠭᠠᠨ ᠤ ᠬᠢ ᠠᠴᠠ 589% ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠬᠤ ᠴᠢᠬᠢ ᠮᠣᠳᠣᠨ ᠤ ᠲᠥᠷᠥᠯ ᠵᠦᠢᠯ ᠨᠢᠳᠤᠨᠤᠨ ᠤ 4 ᠲᠥᠷᠥᠯ ᠵᠦᠢᠯ ᠪᠠᠶᠢᠭᠰᠠᠨ ᠠᠴᠠ ᠪᠠᠨ 11 ᠲᠥᠷᠥᠯ ᠵᠦᠢᠯ ᠪᠣᠯᠵᠤ ᠪᠤᠵᠠᠭᠠᠶᠢᠷᠠᠵᠠᠢ᠃      ᠲᠤᠯᠤᠨ ᠨᠤᠤᠷ ᠰᠢᠶᠠᠨ ᠤ ᠴᠠᠩ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠨᠢ ᠵᠡᠭᠦᠨ ᠦᠵᠦᠮᠦᠴᠢᠨ ᠪᠣᠭᠤᠮᠲᠠ ᠶᠢᠨ ᠭᠤᠣᠯᠳᠠᠯᠭ᠎ᠠ ᠲᠠᠢ ᠪᠣᠶᠢᠵᠢᠭᠤᠯᠬᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠪᠣᠶᠢᠵᠢᠭᠤᠯᠤᠭᠰᠠᠨ ᠵᠠᠭᠠᠷᠲᠤ ᠨᠠᠷᠠᠰᠤ᠂ ᠭᠠᠴᠤᠷ᠎ᠠ ᠵᠡᠷᠭᠡ ᠮᠣᠳᠣ ᠨᠢ ᠥᠰᠦᠯᠲᠡ ᠲᠦᠷᠭᠡᠨ᠂ ᠭᠠᠩ ᠬᠠᠭᠰᠠᠷᠠᠭᠠᠨ ᠬᠢᠭᠡᠳ ᠬᠠᠬᠢᠷ ᠬᠦᠢᠲᠡᠨ ᠳᠤ ᠲᠡᠰᠪᠦᠷᠢᠲᠡᠢ᠂ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠴᠢᠳᠠᠪᠤᠷᠢ ᠰᠠᠶᠢᠨ ᠵᠡᠷᠭᠡ ᠣᠨᠴᠠᠯᠢᠭ ᠲᠠᠢ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦᠷᠬᠡᠭ ᠭᠠᠵᠠᠷ ᠢ ᠰᠠᠶᠢᠵᠢᠷᠠᠭᠤᠯᠬᠤ ᠰᠢᠯᠢᠳᠡᠭ ᠮᠣᠳᠣᠨ ᠤ ᠲᠥᠷᠥᠯ ᠪᠠᠶᠢᠵᠤ᠂ ᠮᠣᠩᠭᠤᠯ ᠤᠯᠤᠰ ᠤᠨ ᠬᠡᠷᠡᠭᠯᠡᠭᠴᠢᠳ ᠤᠨ ᠬᠠᠯᠠᠭᠤᠨ ᠲᠠᠭᠠᠰᠢᠶᠠᠯ ᠢ ᠣᠯᠵᠠᠢ᠃      ᠠᠵᠤ ᠠᠬᠤᠶᠢᠯᠠᠯ ᠢ ᠬᠠᠪᠰᠤᠷᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠵᠢᠭᠦᠯᠬᠦ ᠶᠢᠨ ᠲᠤᠰᠠᠳᠠ᠂ ᠵᠡᠭᠦᠨ ᠦᠵᠦᠮᠦᠴᠢᠨ ᠪᠣᠭᠤᠮᠲᠠ ᠨᠢ ᠭᠠᠳᠠᠭᠠᠳᠤ ᠳᠤ ᠭᠠᠷᠭᠠᠬᠤ ᠴᠢᠬᠢ ᠮᠣᠳᠣᠨ ᠤ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠤᠷᠭᠤᠮᠠᠯ ᠤᠨ ᠬᠢᠵᠢᠭ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠳᠤᠭᠤᠶᠢᠯᠠᠩ ᠢ ᠰᠣᠩᠭᠤᠨ ᠲᠣᠮᠢᠯᠠᠵᠤ ᠣᠯᠠᠨ ᠤᠳᠠᠭ᠎ᠠ ᠲᠤᠬᠠᠢ ᠶᠢᠨ ᠭᠠᠵᠠᠷ ᠲᠤᠨᠢ ᠣᠴᠢᠭᠤᠯᠤᠨ ᠦᠢᠯᠡᠴᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠨ᠂ ᠶᠠᠰᠤ ᠴᠢᠨᠠᠷ ᠤᠨ ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠡᠢ᠃      ︽ᠴᠢᠬᠢ ᠮᠣᠳᠣ ᠶᠢ ᠠᠮᠢᠳᠤ ᠰᠣᠷᠭᠤᠭ ᠢᠶᠠᠷ ᠬᠤᠷᠳᠤᠨ ᠲᠦᠷᠭᠡᠨ ᠵᠥᠭᠡᠭᠡᠪᠦᠷᠢᠯᠡᠬᠦ ᠱᠠᠭᠠᠷᠳᠠᠯᠭ᠎ᠠ ᠳᠤ ᠴᠢᠭᠯᠡᠭᠦᠯᠦᠨ᠂ ᠪᠢᠳᠡ ᠠᠵᠤ ᠠᠬᠤᠶᠢᠯᠠᠯ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠨ ᠥᠭᠴᠦ᠂ ᠬᠤᠷᠳᠤᠨ ᠰᠢᠭᠤᠷᠬᠠᠢ ᠪᠠᠶᠢᠴᠠᠭᠠᠨ ᠰᠢᠯᠭᠠᠵᠤ᠂ ᠭᠠᠳᠠᠭᠠᠳᠤ ᠳᠤ ᠭᠠᠷᠭᠠᠬᠤ ᠬᠤᠷᠳᠤᠴᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠴᠠᠭ ᠬᠢᠭᠡᠳ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠠᠷᠪᠢᠯᠠᠵᠤ᠂ ᠰᠢᠯᠢ ᠶᠢᠨ ᠭᠤᠣᠯ ᠠᠶᠢᠮᠠᠭ ᠤᠨ ᠴᠢᠬᠢ ᠮᠣᠳᠣᠨ ᠤ ᠭᠠᠳᠠᠭᠠᠳᠤ ᠭᠠᠷᠭᠠᠯᠲᠠ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ︾ ᠭᠡᠵᠦ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠭᠤᠷᠪᠠᠳᠤᠭᠠᠷ ᠰᠠᠯᠠᠭᠠᠨ ᠤ ᠸᠠᠩ ᠭᠤᠸᠠᠩ ᠴᠢᠶᠠᠨ ᠶᠠᠷᠢᠯ᠎ᠠ᠃      ᠣᠶᠢᠯᠠᠭᠠᠭᠰᠠᠨ ᠢᠶᠠᠷ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠶᠢᠨ ᠲᠥᠯᠥᠭᠡ ᠲᠣᠰ ᠺᠤᠮᠫᠠᠨᠢ ᠪᠠᠰᠠ ᠡᠪᠡᠳᠴᠢᠨ ᠬᠤᠷᠣᠬᠠᠢ ᠶᠢᠨ ᠬᠥᠨᠥᠭᠡᠯ ᠢ ᠰᠢᠢᠳᠪᠦᠷᠢᠯᠡᠬᠦ ᠵᠢᠴᠢ ᠣᠶᠢᠵᠢᠭᠤᠯᠤᠯᠲᠠ ᠶᠢᠨ ᠮᠡᠷᠭᠡᠵᠢᠯ ᠤᠨ ᠳᠡᠮᠵᠢᠯᠭᠡ ᠵᠡᠷᠭᠡ ᠦᠢᠯᠡᠴᠢᠯᠡᠭᠡ ᠶᠢ ᠪᠠᠭᠲᠠᠭᠠᠭᠰᠠᠨ ᠬᠤᠳᠠᠯᠳᠤᠭᠰᠠᠨ ᠤ ᠳᠠᠷᠠᠭᠠᠬᠢ ᠮᠡᠷᠭᠡᠵᠢᠯ ᠤᠨ ᠳᠡᠮᠵᠢᠯᠭᠡ ᠬᠠᠩᠭᠠᠵᠤ᠂ ᠴᠢᠬᠢ ᠮᠣᠳᠣᠨ ᠤ ᠤᠨᠳᠤᠷᠤᠯᠳᠠ ᠶᠢᠨ ᠨᠣᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ ᠪᠠᠶᠢᠨ᠎ᠠ᠃      ︽ᠮᠠᠨ ᠤ ᠺᠤᠮᠫᠠᠨᠢ 2022 ᠣᠨ ᠳᠤ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ᠂ ᠭᠠᠳᠠᠭᠠᠳᠤ ᠳᠤ ᠭᠠᠷᠭᠠᠬᠤ ᠴᠢᠬᠢ ᠮᠣᠳᠣᠨ ᠤ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠴᠤ ᠲᠠᠩ ᠭᠠᠭᠴᠠ ᠵᠠᠭᠠᠷᠲᠤ ᠨᠠᠷᠠᠰᠤ᠂ ᠭᠠᠴᠤᠷ᠎ᠠ ᠠᠴᠠ ᠣᠳᠣᠬᠠᠨ ᠤ ᠬᠠᠶᠢᠯᠠᠰᠤ᠂ ᠤᠯᠢᠶᠠᠰᠤ᠂ ᠬᠤᠰᠤ᠂ ᠭᠤᠣᠯᠲᠤ ᠪᠣᠷᠣ ᠵᠡᠷᠭᠡ ᠤᠯᠠᠨ ᠵᠦᠢᠯ ᠪᠣᠯᠪᠠ᠃ ᠳᠣᠣᠷ᠎ᠠ ᠬᠠᠭᠠᠰ ᠵᠢᠯ ᠳᠤ ᠭᠠᠳᠠᠭᠠᠳᠤ ᠭᠠᠷᠭᠠᠯᠲᠠ ᠶᠢᠨ ᠪᠠᠶᠢᠳᠠᠯ ᠨᠡᠩ ᠥᠷᠭᠡᠵᠢᠵᠦ᠂ ᠣᠳᠣᠬᠠᠨ ᠳᠤ ᠨᠢᠭᠡᠨᠲᠡ 100 ᠲᠦᠮᠡᠨ ᠰᠠᠭᠤᠷᠢ ᠵᠠᠬᠢᠶᠠᠯᠠᠭ᠎ᠠ ᠭᠥᠯᠢᠶᠡᠨ ᠠᠪᠤᠭᠠᠳ ᠪᠤᠢ︾ ᠭᠡᠵᠦ ᠲᠤᠯᠤᠨ ᠨᠤᠤᠷ ᠰᠢᠶᠠᠨ ᠤ ᠴᠠᠩ ᠶᠢᠨ ᠲᠠᠷᠢᠶᠠᠯᠠᠩ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠲᠢᠶᠠᠨ ᠯᠢᠶᠠᠩ ᠰᠣᠷᠪᠤᠯᠵᠢᠯᠠᠭ᠎ᠠ ᠬᠦᠯᠢᠶᠡᠬᠦ ᠳᠡᠭᠡᠨ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号