ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
      9 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠵᠢᠴᠢ 2024 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ᠤᠨ ᠪᠦᠷᠢᠯᠳᠦᠭᠦᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ 
11.webp.png
       ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠠ ᠲᠥᠷᠥ ᠶᠢᠨ ᠪᠠᠶᠢᠭᠤᠯᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠲᠤᠬᠠᠢ ᠴᠢᠬᠤᠯᠠ ᠵᠢᠭᠠᠪᠤᠷᠢ  ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠪᠠ᠃      ᠬᠤᠷᠠᠯ ᠳᠡᠭᠡᠷ᠎ᠡ᠂ ᠭᠦᠸᠧ ᠵᠠᠨ ᠵᠢᠶᠠᠩ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠣᠨᠣᠪᠴᠢᠲᠠᠶ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠴᠢᠷᠮᠠᠶᠢᠨ ᠨᠠᠶᠢᠳᠠᠪᠤᠷᠢᠵᠢᠭᠤᠯᠬᠤ︾ ᠶᠢ ᠳᠥᠷᠪᠡᠨ ᠲᠠᠯ᠎ᠠ ᠠᠴᠠ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠭᠰᠠᠨ ᠪᠠ ᠭᠦᠨᠵᠡᠭᠡᠢ ᠲᠠᠶᠢᠯᠪᠤᠷᠢᠯᠠᠵᠤ᠂ ᠡᠭᠦᠨ ᠤ ᠬᠠᠮᠲᠤ ᠲᠠᠷᠢᠶᠠᠯᠠᠩ ᠮᠠᠯ ᠠᠵᠤ ᠠᠬᠤᠢ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ᠂ ᠠᠵᠢᠯ ᠤᠨ ᠭᠠᠷᠳᠠᠴᠠ ᠪᠠᠨ ᠣᠨᠣᠪᠴᠢᠲᠠᠢ ᠡᠷᠢᠬᠦ᠂ ᠰᠠᠬᠢᠯᠭ᠎ᠠ ᠪᠠᠲᠤ ᠣᠪᠣᠷ ᠰᠤᠷᠲᠠᠯ ᠢ ᠴᠢᠩᠭᠠᠳᠬᠠᠬᠤ ᠵᠡᠷᠭᠡ 5 ᠲᠠᠯ᠎ᠠ ᠠᠴᠠ ᠳᠠᠷᠠᠭᠠᠴᠢ ᠶᠢᠨ ᠠᠯᠬᠤᠮ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ 
22.webp.png
       ᠬᠤᠷᠠᠯ ᠠᠴᠠ ᠴᠢᠬᠤᠯᠠᠴᠢᠯᠠᠭᠰᠠᠨ ᠨᠢ᠂ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠰᠢᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠣᠯᠵᠤ᠂ ᠨᠢᠭᠡᠳᠦᠭᠡᠷ ᠡᠩᠨᠡᠭᠡ ᠳᠤ ᠰᠠᠶᠢᠲᠤᠷ ᠶᠠᠪᠤᠬᠤ ᠬᠡᠷᠡᠭᠲᠡᠢ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠵᠡᠷᠭᠡ ᠠᠴᠢᠶᠠᠯᠠᠪᠤᠷᠢ ᠶᠢ ᠶᠡᠷᠦᠩᠬᠡᠶᠢᠯᠡᠨ ᠬᠡᠷᠡᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠠᠵᠢᠯ ᠤᠨ ᠪᠣᠳᠠᠲᠠᠢ ᠳᠠᠭᠠᠨ ᠰᠠᠭᠤᠷᠢᠯᠠᠨ᠂ ᠭᠦᠨᠵᠡᠭᠡᠢ ᠰᠡᠳᠬᠢᠵᠦ᠂ ᠢᠳᠡᠪᠬᠢᠲᠡᠢ ᠪᠠᠷ ᠲᠥᠯᠥᠪᠵᠢᠭᠦᠯᠵᠦ᠂ ᠠᠵᠢᠯ ᠤᠨ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠡᠷᠢᠨ ᠣᠯᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠪᠡᠶᠡᠯᠡᠭᠦᠯᠬᠦ ᠴᠠᠭ ᠬᠤᠭᠤᠴᠠᠭ᠎ᠠ ᠶᠢ ᠴᠢᠩᠭ᠎ᠠ ᠰᠠᠬᠢᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠪᠡ᠃      ᠲᠢᠩᠬᠢᠮ ᠤᠨ ᠤᠳᠤᠷᠢᠳᠤᠯᠭ᠎ᠠ᠂ ᠶᠡᠷᠦᠩᠬᠡᠢ ᠢᠨᠵᠧᠨᠧᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠤᠯᠭ᠎ᠠ ᠶᠢᠨ ᠪᠦᠬᠦ ᠺᠠᠳ᠋ᠷ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ ᠨᠡᠶᠢᠳᠡ 165 ᠬᠥᠮᠥᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号