ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ GSP ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/9/2
      ︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GSP ᠪᠠᠶᠢᠴᠠᠭᠠᠵᠤ ᠰᠢᠯᠭᠠᠨ ᠲᠣᠭᠲᠠᠭᠠᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ ᠺᠠᠶᠢᠯᠤ ᠰᠢᠶᠠᠨ ᠤ ᠪᠦᠦ ᠨᠢᠦ ᠮᠠᠯ ᠡᠮᠨᠡᠯᠭᠡ ᠶᠢᠨ ᠰᠡᠷᠭᠡᠶᠢᠯᠡᠨ ᠵᠠᠰᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 6 ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠪᠡ᠃ ᠡᠳᠦᠭᠡ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 9 ᠰᠠᠷ᠎ᠠ ᠶᠢᠨ 2 ᠤᠨ ᠡᠳᠦᠷ ᠠᠴᠠ 9 ᠰᠠᠷ᠎ᠠ ᠶᠢᠨ 6 ᠤ ᠡᠳᠦᠷ ᠪᠣᠯᠲᠠᠯ᠎ᠠ᠃ ᠣᠨᠳᠣᠣ ᠰᠠᠨᠠᠯ ᠰᠠᠨᠠᠭᠤᠯᠭ᠎ᠠ ᠪᠠᠶᠢᠪᠠᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠳᠤᠰᠬᠠᠭᠠᠷᠠᠢ᠃ ᠬᠠᠷᠢᠯᠴᠠᠬᠤ ᠬᠡᠯᠪᠡᠷᠢ ᠨᠢ ᠳᠣᠣᠷᠠᠬᠢ ᠮᠡᠲᠦ᠄      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ       ᠳᠠᠭᠠᠯᠳᠤᠭᠤᠯᠤᠯ᠄ ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠤᠨ GSP ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠬᠦᠰᠦᠨᠦᠭᠲᠦ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 8 ᠰᠠᠷ᠎ᠠ ᠶᠢᠨ 31 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号