ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠪᠠ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠣᠬᠢᠷᠠᠭᠤᠯᠭ᠎ᠠ ᠶᠢᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠪᠠ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠣᠬᠢᠷᠠᠭᠤᠯᠭ᠎ᠠ ᠶᠢᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠭᠦᠸᠧ ᠬᠤᠷᠠᠯ ᠳᠤ ᠣᠷᠣᠯᠴᠠᠪᠠ᠃
1.png
       ᠬᠤᠷᠠᠯ ᠳᠡᠭᠡᠷ᠎ᠡ᠂ 12 ᠠᠶᠢᠮᠠᠭ ᠬᠤᠲᠠ ᠲᠣᠰ ᠲᠣᠰ 2024 ᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠪᠠ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠶᠠᠷᠢᠶ᠎ᠠ ᠲᠠᠯᠪᠢᠪᠠ᠃ ᠬᠠᠪᠰᠤᠷᠤᠨ ᠲᠡᠳᠬᠦᠬᠦ ᠭᠠᠵᠠᠷ ᠤᠨ ᠬᠢᠨ ᠣᠳᠣᠬᠠᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠵᠠᠷᠯᠠᠨ ᠮᠡᠳᠡᠭᠳᠡᠪᠡ᠃
2.jpg
       ᠬᠤᠷᠠᠯ ᠠᠴᠠ ᠴᠢᠬᠤᠯᠠᠴᠢᠯᠠᠭᠰᠠᠨ  ᠨᠢ᠂ ᠡᠯ᠎ᠡ ᠠᠶᠢᠮᠠᠭ ᠬᠤᠳᠠ ᠶᠢᠨ ᠬᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠵᠦᠢᠯ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠪᠣᠲᠠᠲᠠᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠲᠦᠷᠦᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠴᠡᠭ ᠠᠴᠠ ᠴᠡᠭ ᠲᠤ ᠬᠦᠷᠴᠦ ᠣᠷᠣᠯᠭ᠎ᠠ ᠪᠠᠨ ᠨᠡᠮᠡᠭᠳᠡᠭᠦᠯᠬᠦ ᠶᠢ ᠠᠳᠬᠤᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ᠂ ᠶᠠᠳᠠᠭᠤ ᠠᠴᠠ ᠠᠩᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠬᠥᠳᠡᠯᠦᠩᠭᠦᠢ ᠬᠠᠮᠢᠶᠠᠷᠤᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠬᠦ ᠳᠤ ᠬᠦᠴᠦ ᠲᠠᠯᠪᠢᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ᠃ ᠠᠵᠢᠯ ᠤᠨ ᠳᠤᠮᠳᠠ ᠪᠠᠨ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ᠨᠡᠶᠢᠲᠡᠯᠢᠭ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠪᠰᠤᠷᠤᠨ ᠲᠡᠳᠬᠦᠬᠦ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ ᠲᠥᠪ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ ᠪᠠ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠸᠢᠳᠢᠤ᠋ ᠶᠢᠨ ᠬᠡᠯᠪᠡᠷᠢ ᠪᠠᠷ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号