ᠪᠦᠷᠬᠦᠪᠴᠢ ᠪᠠᠷ ᠴᠢᠬᠢᠭ ᠢ ᠬᠠᠮᠠᠭᠠᠯᠠᠬᠤ ᠮᠡᠷᠭᠡᠵᠢᠯ
ᠨᠡᠶᠢᠲᠡᠯᠡᠭᠰᠡᠨ ᠴᠠᠭ᠄
2024/9/21
      ᠭᠠᠵᠠᠷ ᠤᠨ ᠭᠠᠳᠠᠷᠭᠤ ᠶᠢ ᠪᠦᠷᠬᠦᠵᠦ ᠴᠢᠬᠢᠭ ᠢ ᠬᠠᠮᠠᠭᠠᠯᠠᠬᠤ ᠮᠡᠷᠭᠡᠵᠢᠯ ᠪᠣᠯ ᠬᠠᠭᠠᠰ ᠭᠠᠩ ᠬᠠᠭᠤᠷᠠᠢ ᠭᠠᠵᠠᠷ ᠣᠷᠣᠨ ᠳᠤ ᠳᠡᠯᠭᠡᠷᠡᠭᠦᠯᠵᠦ ᠪᠠᠶᠢᠭ᠎ᠠ ᠨᠢᠭᠡ ᠵᠦᠢᠯ ᠤᠨ ᠤᠰᠤ ᠠᠷᠪᠢᠯᠠᠵᠤ ᠴᠢᠬᠢᠭ ᠢ ᠬᠠᠮᠠᠭᠠᠯᠠᠨ ᠲᠠᠷᠢᠶᠠᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠪᠣᠯᠬᠤ ᠪᠥᠭᠡᠳ ᠨᠢᠭᠡ ᠵᠦᠢᠯ ᠤᠨ ᠬᠥᠮᠥᠨ ᠤ ᠬᠦᠴᠦ ᠪᠠᠷ ᠲᠣᠬᠢᠷᠠᠭᠤᠯᠤᠨ ᠡᠵᠡᠮᠳᠡᠬᠦ ᠲᠠᠷᠢᠶᠠᠨ ᠭᠠᠵᠠᠷ ᠤᠨ ᠤᠰᠤᠨ ᠤ ᠨᠥᠬᠦᠴᠡᠯ ᠤᠨ ᠳᠠᠷᠢᠵᠤ ᠪᠣᠶᠢᠵᠢᠭᠤᠯᠬᠤ ᠮᠡᠷᠭᠡᠵᠢᠯ ᠪᠣᠯᠣᠨ᠎ᠠ᠃ ᠡᠨᠡ ᠨᠢ ᠪᠦᠷᠬᠦᠪᠴᠢ ᠶᠢ ᠠᠰᠢᠭᠯᠠᠨ ᠳᠤᠯᠠᠭᠠᠨ ᠢ ᠲᠣᠬᠢᠷᠠᠭᠤᠯᠵᠤ᠂ ᠤᠰᠤᠨ ᠤ ᠠᠭᠤᠷᠰᠢᠯᠲᠠ ᠪᠠ ᠭᠠᠵᠠᠷ ᠤᠨ ᠭᠠᠳᠠᠷᠭᠤ ᠶᠢᠨ ᠤᠷᠤᠰᠬᠠᠯ ᠢ ᠪᠠᠭᠠᠰᠬᠠᠵᠤ᠂ ᠤᠰᠤ ᠬᠠᠳᠠᠭᠠᠯᠠᠵᠤ ᠴᠢᠬᠢᠭ ᠢ ᠬᠠᠮᠠᠭᠠᠯᠠᠨ᠂ ᠭᠠᠵᠠᠷ ᠤᠨ ᠬᠦᠴᠦ ᠶᠢ ᠰᠢᠮᠡᠵᠢᠭᠦᠯᠵᠦ᠂ ᠬᠦᠷᠦᠰᠦ ᠰᠢᠷᠤᠢ ᠶᠢᠨ ᠹᠢᠽᠢᠺ ᠤᠨ ᠨᠥᠬᠦᠴᠡᠯ ᠢ ᠰᠠᠶᠢᠵᠢᠷᠠᠭᠤᠯᠵᠤ᠂ ᠪᠤᠵᠠᠷ ᠡᠪᠡᠰᠦ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠬᠤᠷᠢᠭᠯᠠᠵᠤ᠂ ᠭᠡᠷᠡᠯ ᠤᠨ ᠨᠡᠶᠢᠯᠡᠯᠭᠡ ᠶᠢᠨ ᠦᠢᠯᠡᠳᠦᠯ ᠪᠠ ᠤᠰᠤᠨ ᠤ ᠠᠰᠢᠭᠯᠠᠮᠵᠢ ᠶᠢ ᠲᠡᠭᠡᠭᠰᠢᠯᠡᠭᠦᠯᠳᠡᠭ᠃ ᠡᠭᠦᠨ ᠳᠤ ᠭᠤᠣᠯᠳᠠᠭᠤ ᠲᠠᠷᠢᠮᠠᠯ ᠤᠨ ᠡᠰᠢ ᠰᠦᠷᠡᠯ ᠤᠨ ᠪᠦᠷᠬᠦᠯᠲᠡ ᠪᠠ ᠰᠦᠯᠢᠶᠥᠦ ᠪᠦᠷᠬᠦᠪᠴᠢ ᠶᠢᠨ ᠪᠦᠷᠬᠦᠯᠲᠡ ᠪᠠᠭᠲᠠᠨ᠎ᠠ᠃      ᠡᠰᠢ ᠰᠦᠷᠡᠯ ᠤᠨ ᠪᠦᠷᠬᠦᠯᠲᠡ ᠭᠡᠳᠡᠭ ᠨᠢ ᠲᠠᠷᠢᠮᠠᠯ ᠤᠨ ᠡᠰᠢ ᠰᠦᠷᠡᠯ ︵ᠵᠢᠱᠢᠶᠡᠯᠡᠪᠡᠯ ᠪᠤᠭᠤᠳᠠᠢ ᠶᠢᠨ ᠰᠦᠷᠡᠯ᠂ ᠡᠷᠳᠡᠨᠢ ᠰᠢᠰᠢ ᠶᠢᠨ ᠰᠦᠷᠡᠯ︶᠂ ᠬᠠᠭᠤᠷᠠᠢ ᠡᠪᠡᠰᠦ ᠵᠡᠷᠭᠡ ᠶᠢ ᠠᠰᠢᠭᠯᠠᠨ ᠬᠦᠷᠦᠰᠦ ᠰᠢᠷᠤᠢ ᠶᠢᠨ ᠭᠠᠳᠠᠷᠭᠤ ᠳᠤ ᠪᠦᠷᠬᠦᠬᠦ ᠶᠢ ᠬᠡᠯᠡᠨ᠎ᠡ᠃ ᠬᠦᠷᠦᠰᠦ ᠰᠢᠷᠤᠢ ᠶᠢᠨ ᠭᠠᠳᠠᠷᠭᠤ ᠳᠤ ᠨᠢᠭᠡ ᠳᠠᠪᠬᠤᠷᠭ᠎ᠠ ᠡᠰᠢ ᠰᠦᠷᠡᠯ ᠢ ᠪᠦᠷᠬᠦᠪᠡᠯ᠂ ᠨᠢᠭᠤᠷ ᠳᠠᠪᠬᠤᠷᠭ᠎ᠠ ᠶᠢᠨ ᠬᠥᠷᠥᠰᠥ ᠰᠢᠷᠣᠢ ᠶᠢ ᠬᠠᠮᠠᠭᠠᠯᠠᠵᠤ᠂ ᠪᠣᠷᠣᠭᠠᠨ ᠤ ᠳᠤᠰᠤᠯ ᠳᠤ ᠰᠢᠭᠤᠳ ᠮᠥᠷᠭᠦᠭᠳᠡᠬᠦ ᠠᠴᠠ ᠵᠠᠶᠢᠯᠠᠰᠬᠢᠵᠦ᠂ ᠮᠥᠬᠦᠯᠢᠭ ᠪᠦᠲᠦᠴᠡ ᠨᠢ ᠲᠣᠭᠲᠠᠪᠤᠷᠢᠲᠠᠢ᠂ ᠬᠥᠷᠥᠰᠥ ᠰᠡᠶᠢᠷᠡᠭ ᠣᠯᠠᠨ ᠨᠦᠬᠡ ᠲᠠᠢ᠂ ᠬᠥᠷᠥᠰᠥ ᠰᠢᠷᠤᠢ ᠤᠰᠤ ᠳᠠᠮᠵᠢᠭᠤᠯᠬᠤ ᠴᠢᠨᠠᠷ ᠢᠶᠠᠷ ᠴᠢᠩᠭ᠎ᠠ᠂ ᠲᠤᠨᠳᠠᠰᠤ ᠨᠢ ᠲᠤᠬᠠᠢ ᠶᠢᠨ ᠭᠠᠵᠠᠷ ᠲᠠᠭᠠᠨ ᠲᠦᠷᠭᠡᠨ ᠨᠡᠪᠴᠢᠳᠡᠭ︔ ᠪᠣᠷᠣᠭᠠᠨ ᠣᠷᠣᠬᠤ ᠪᠤᠶᠤ ᠤᠰᠤ ᠬᠤᠷᠠᠭᠰᠠᠨ ᠤ ᠳᠠᠷᠠᠭ᠎ᠠ ᠡᠰᠢ ᠰᠦᠷᠡᠯ ᠢ ᠳᠠᠯᠠᠩ ᠤᠨ ᠵᠠᠪᠰᠠᠷ ᠢᠶᠠᠷ ᠬᠤᠴᠢᠵᠤ᠂ ᠭᠠᠵᠠᠷ ᠤᠨ ᠳᠤᠯᠠᠭᠠᠨ ᠢ ᠲᠣᠬᠢᠷᠠᠭᠤᠯᠵᠤ᠂ ᠬᠦᠷᠦᠰᠦ ᠰᠢᠷᠤᠢ ᠶᠢᠨ ᠴᠢᠭᠢᠭᠲᠦᠴᠡ ᠶᠢ ᠪᠠᠲᠤᠯᠠᠨ᠂ ᠬᠥᠷᠥᠰᠥ ᠰᠢᠷᠤᠢ ᠶᠢ ᠰᠠᠶᠢᠵᠢᠷᠠᠭᠤᠯᠵᠤ᠂ ᠭᠠᠵᠠᠷ ᠤᠨ ᠰᠢᠮ᠎ᠡ ᠶᠢ ᠰᠢᠮᠡᠵᠢᠭᠦᠯᠦᠨ᠎ᠡ︔ ᠭᠡᠪᠡᠴᠦ ᠬᠡᠰᠡᠭ ᠡᠰᠢ ᠰᠦᠷᠡᠯ ᠳᠤ ᠡᠪᠡᠳᠴᠢᠨ ᠤ ᠪᠠᠺᠲ᠋ᠧᠷᠢ ᠪᠠ ᠬᠤᠷᠣᠬᠠᠢ ᠶᠢᠨ ᠥᠨᠳᠡᠭᠡ ᠲᠠᠢ ᠪᠣᠯᠬᠤᠷ ᠠᠮᠠᠷᠬᠠᠨ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠡᠳᠡᠭ᠂ ᠡᠶᠢᠮᠦ ᠠᠴᠠ ᠪᠦᠷᠬᠦᠬᠦ ᠠᠴᠠ ᠪᠠᠨ ᠡᠮᠦᠨ᠎ᠡ ᠤᠷᠢᠳ ᠢᠶᠠᠷ ᠡᠰᠢ ᠰᠦᠷᠡᠯ ᠢᠶᠠᠨ ᠤᠷᠪᠠᠭᠤᠯᠵᠤ ᠡᠭᠡᠭᠡᠵᠦ᠂ ᠪᠦᠷᠬᠦᠭᠰᠡᠨ ᠤ ᠳᠠᠷᠠᠭ᠎ᠠ ᠴᠠᠭ ᠲᠤᠬᠠᠢ ᠳᠤᠨᠢ ᠬᠤᠷᠣᠬᠠᠢ ᠶᠢ ᠰᠡᠷᠭᠡᠶᠢᠯᠡᠨ ᠡᠪᠡᠰᠦ ᠠᠷᠢᠯᠭᠠᠬᠤ ᠬᠡᠷᠡᠭᠲᠡᠢ᠃      ᠭᠠᠵᠠᠷ ᠤᠨ ᠪᠦᠷᠬᠦᠪᠴᠢ ᠶᠢᠨ ᠪᠦᠷᠬᠦᠯᠲᠡ ᠭᠡᠳᠡᠭ ᠨᠢ ᠰᠦᠯᠢᠶᠥᠦ ᠪᠦᠷᠬᠦᠪᠴᠢ ᠪᠠᠷ ᠬᠦᠷᠦᠰᠦ ᠰᠢᠷᠣᠢ ᠶᠢᠨ ᠭᠠᠳᠠᠷᠭᠤ ᠳᠤ ᠪᠦᠷᠬᠦᠬᠦ ᠶᠢ ᠬᠡᠯᠡᠨ᠎ᠡ᠃ ᠡᠭᠦᠨ ᠢ ᠭᠤᠣᠯᠳᠠᠭᠤ ᠠᠵᠤ ᠠᠬᠤᠢ ᠶᠢᠨ ᠲᠠᠷᠢᠮᠠᠯ ᠳᠠᠷᠢᠬᠤ ᠣᠷᠣᠨ᠂ ᠬᠦᠢᠲᠡᠨ ᠭᠠᠩ ᠬᠠᠭᠤᠷᠠᠢ ᠣᠷᠣᠨ᠂ ᠬᠠᠭᠤᠷᠠᠢ ᠪᠠᠷ ᠲᠠᠷᠢᠶᠠᠯᠠᠬᠤ ᠣᠷᠣᠨ ᠳᠤ ᠬᠡᠷᠡᠭᠯᠡᠨ᠎ᠡ᠃ ᠲᠠᠷᠢᠶᠠᠨ ᠭᠠᠵᠠᠷ ᠢ ᠪᠦᠷᠬᠦᠭᠰᠡᠨ ᠤ ᠳᠠᠷᠠᠭ᠎ᠠ᠂ ᠠᠭᠠᠷ ᠮᠠᠨᠳᠠᠯ ᠬᠢᠭᠡᠳ ᠭᠠᠵᠠᠷ ᠤᠨ ᠨᠢᠭᠤᠷ ᠤᠨ ᠤᠰᠤ ᠬᠡᠢ ᠶᠢᠨ ᠰᠣᠯᠢᠯᠴᠠᠭ᠎ᠠ ᠶᠢ ᠲᠠᠰᠤᠯᠵᠤ᠂ ᠬᠦᠷᠦᠰᠦ ᠰᠢᠷᠣᠢ ᠶᠢᠨ ᠭᠠᠳᠠᠷᠭᠤ ᠠᠴᠠ ᠠᠭᠤᠷᠰᠢᠭᠰᠠᠨ ᠤᠰᠤ ᠬᠡᠢ ᠨᠢ ᠵᠥᠪᠬᠡᠨ ᠭᠠᠵᠠᠷ ᠤᠨ ᠪᠦᠷᠬᠦᠪᠴᠢ ᠶᠢᠨ ᠳᠣᠲᠣᠷᠠᠬᠢ ᠵᠢᠵᠢᠭ ᠣᠷᠴᠢᠨ ᠲᠣᠭᠤᠷᠢᠨ ᠳᠤ ᠦᠯᠡᠳᠡᠨ᠎ᠡ᠂ ᠡᠳᠦᠷ ᠤᠨ ᠳᠤᠯᠠᠭᠠᠨ ᠤ ᠬᠡᠮᠵᠢᠶ᠎ᠡ ᠥᠨᠳᠥᠷ ᠦᠶᠡᠰ ᠪᠦᠷᠬᠦᠪᠴᠢ ᠶᠢᠨ ᠳᠣᠲᠣᠷᠠᠬᠢ ᠬᠦᠷᠦᠰᠦ ᠰᠢᠷᠣᠢ ᠶᠢᠨ ᠤᠰᠤ ᠠᠭᠤᠷᠰᠢᠳᠠᠭ᠂ ᠡᠷᠲᠡ ᠣᠷᠣᠢ ᠶᠢᠨ ᠳᠤᠯᠠᠭᠠᠨ ᠤ ᠬᠡᠮᠵᠢᠶ᠎ᠡ ᠳᠣᠣᠷ᠎ᠠ ᠦᠶᠡᠰ᠂ ᠪᠦᠷᠬᠦᠪᠴᠢ ᠶᠢᠨ ᠳᠣᠣᠷ᠎ᠠ ᠴᠠᠷᠴᠠᠭᠠᠳ ᠤᠰᠤᠨ ᠳᠤᠰᠤᠯ ᠪᠣᠯᠵᠤ᠂ ᠲᠠᠰᠤᠷᠠᠯᠲᠠ ᠦᠭᠡᠢ ᠪᠦᠷᠬᠦᠪᠴᠢ ᠶᠢᠨ ᠳᠣᠲᠣᠷ᠎ᠠ ᠤᠰᠤᠨ ᠠᠭᠤᠷ ᠤᠨ ᠪᠠᠭ᠎ᠠ ᠡᠷᠭᠢᠯᠲᠡ ᠡᠭᠦᠰᠴᠦ᠂ ᠨᠢᠭᠤᠷ ᠳᠠᠪᠬᠤᠷᠭ᠎ᠠ ᠶᠢᠨ ᠬᠥᠷᠥᠰᠥᠨ ᠤ ᠤᠰᠤᠨ ᠤ ᠠᠭᠤᠯᠤᠭᠳᠠᠴᠠ ᠶᠢ ᠨᠡᠮᠡᠭᠳᠡᠭᠦᠯᠳᠡᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号