ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ︽ᠰᠢᠢᠳᠪᠦᠷᠢ ᠶᠢ ᠰᠤᠷᠤᠯᠴᠠᠵᠤ ᠥᠭᠡᠷᠡᠴᠢᠯᠡᠯᠲᠡ ᠶᠢ ᠠᠬᠢᠭᠤᠯᠬᠤ ᠬᠥᠭᠵᠢᠯᠲᠡ ᠶᠢ ᠶᠠᠷᠢᠯᠴᠠᠬᠤ︾ ᠲᠠᠷᠢᠶᠠᠯᠠᠩ ᠮᠠᠯ ᠠᠵᠤ ᠠᠬᠤᠢ ᠶᠢᠨ ᠶᠡᠭᠡ ᠬᠢᠴᠢᠶᠡᠯ ᠤᠨ ᠲᠠᠩᠬᠢᠮ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/23
      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠬᠦᠷᠴᠦ ᠢᠷᠡᠬᠦ ᠲᠠᠰᠢᠷᠠᠮ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠢᠩᠬᠢᠮ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠦᠭᠡᠯᠡᠵᠦ᠂ ᠢᠲᠡᠭᠡᠯ ᠵᠣᠷᠢᠭ ᠢᠶᠠᠨ ᠬᠥᠪᠴᠢᠯᠡᠵᠦ᠂ ᠠᠵᠢᠯ ᠢᠶᠠᠨ ᠰᠤᠳᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤᠮᠳᠠ ᠲᠦᠷᠦᠭᠦᠯᠡᠵᠦ᠂ ᠦᠯᠢᠭᠡᠷ ᠳᠠᠭᠤᠷᠢᠶᠠᠯ ᠦᠵᠡᠭᠦᠯᠬᠦ ᠶᠢᠨ ᠲᠥᠯᠥᠭᠡ᠂ 9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠰᠢᠢᠳᠪᠦᠷᠢ ᠶᠢ ᠰᠤᠷᠤᠯᠴᠠᠵᠤ ᠥᠭᠡᠷᠡᠴᠢᠯᠡᠯᠲᠡ ᠶᠢ ᠠᠬᠢᠭᠤᠯᠬᠤ ᠬᠥᠭᠵᠢᠯᠲᠡ ᠶᠢ ᠶᠠᠷᠢᠯᠴᠠᠬᠤ︾ ᠲᠠᠷᠢᠶᠠᠯᠠᠩ ᠮᠠᠯ ᠠᠵᠤ ᠠᠬᠤᠢ ᠶᠢᠨ ᠶᠡᠭᠡ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠥᠷᠨᠢᠭᠦᠯᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠨᠡᠶᠢᠲᠡ 60 ᠭᠠᠷᠤᠢ ᠺᠠᠳ᠋ᠷ ᠠᠵᠢᠯᠯᠠᠭ᠎ᠠ ᠳᠤ ᠣᠷᠣᠯᠴᠠᠵᠠᠢ᠃
1.webp.png
       ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠥᠷᠢᠰᠦᠯᠳᠦᠭᠡᠨ ᠤ ᠶᠠᠷᠢᠶ᠎ᠠ ᠢᠯᠡᠳᠬᠡᠯ ᠲᠠᠢ ᠤᠷᠭᠠᠨᠢᠭ ᠤᠶᠠᠯᠳᠤᠭᠤᠯᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠤᠨ ᠮᠥᠷᠥᠶᠢᠴᠡᠭᠡᠨ ᠬᠤᠷᠴᠠ ᠰᠢᠷᠦᠭᠦᠨ᠂ ᠠᠭᠤᠷ ᠠᠮᠢᠰᠬᠤᠯ ᠬᠥᠷ ᠬᠥᠭᠵᠢᠶᠡᠨ ᠲᠠᠢ᠂ ᠲᠢᠩᠬᠢᠮ ᠤᠨ ᠰᠢᠰᠲ᠋ᠧᠮ ᠪᠣᠯᠣᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ 16 ᠺᠠᠳ᠋ᠷ ᠣᠷᠭᠢᠯᠤᠮ᠎ᠠ ᠬᠠᠯᠠᠭᠤᠨ ᠰᠡᠳᠬᠢᠯᠭᠡ᠂ ᠠᠮᠢᠳᠤᠯᠢᠭ ᠦᠭᠡ ᠶᠠᠷᠢᠶ᠎ᠠ᠂ ᠰᠢᠨ᠎ᠡ ᠰᠣᠷᠭᠤᠭ ᠬᠡᠷᠡᠭ ᠤᠨ ᠵᠢᠱᠢᠶ᠎ᠡ ᠪᠠᠷ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠰᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠬᠰᠠᠨ ᠣᠯᠣᠯᠲᠠ ᠣᠶᠢᠯᠠᠭᠠᠯᠲᠠ ᠲᠠᠢ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ ᠥᠪᠡᠷ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠣᠶᠢᠯᠠᠭᠠᠯᠲᠠ ᠪᠣᠯᠣᠨ ᠪᠣᠳᠣᠯᠬᠢᠯᠠᠯ ᠢᠶᠠᠨ ᠠᠭᠤᠵᠢᠷᠠᠲᠠᠯ᠎ᠠ ᠶᠠᠷᠢᠯᠴᠠᠵᠤ᠂ ᠮᠠᠯᠴᠢᠨ ᠲᠠᠷᠢᠶᠠᠴᠢᠨ ᠺᠠᠳ᠋ᠷᠴᠤᠳ ᠤᠨ ᠭᠦᠨ ᠵᠤᠵᠠᠭᠠᠨ ᠤᠨᠤᠯ ᠤᠨ ᠰᠠᠭᠤᠷᠢ ᠶᠢ ᠢᠯᠡᠷᠡᠭᠦᠯᠵᠦ᠂ ᠠᠵᠢᠯ ᠢᠶᠠᠨ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠬᠤᠪᠢᠶᠠᠯᠴᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠢᠲᠡᠭᠡᠯ ᠵᠣᠷᠢᠭ ᠢ ᠳᠠᠮᠵᠢᠭᠤᠯᠪᠠ᠃
2.webp.png
       ᠶᠠᠷᠢᠶ᠎ᠠ ᠲᠠᠯᠪᠢᠵᠤ ᠳᠠᠭᠤᠰᠤᠭᠰᠠᠨ ᠤ ᠳᠠᠷᠠᠭ᠎ᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠨᠥᠬᠦᠷ ᠦᠨᠡᠯᠡᠯᠲᠡ ᠬᠢᠵᠦ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠳᠤᠮᠳᠠ ᠠᠴᠠ ᠵᠢᠮ᠎ᠡ ᠶᠣᠰᠣ ᠶᠢ ᠣᠶᠢᠯᠠᠭᠠᠵᠤ᠂ ᠴᠢᠭᠯᠡᠯ ᠢ ᠲᠣᠳᠣᠷᠬᠠᠶᠢᠯᠠᠵᠤ᠂ ᠠᠷᠭ᠎ᠠ ᠶᠢ ᠰᠤᠷᠤᠯᠴᠠᠬᠤ ᠶᠢ ᠪᠠᠷᠢᠮᠲᠠᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠠᠭᠤᠰᠤᠯᠴᠠᠭᠤᠯᠬᠤ ᠬᠡᠷᠡᠭᠲᠡᠢ᠃ ᠬᠠᠳᠠᠭᠠᠰᠤᠨ ᠤ ᠵᠣᠷᠢᠭ ᠰᠠᠨᠠᠭ᠎ᠠ ᠪᠣᠯᠣᠨ ᠪᠣᠳᠠᠲᠠᠢ ᠪᠠᠷ ᠠᠵᠢᠯᠯᠠᠬᠤ ᠰᠤᠷᠲᠠᠯ ᠢᠶᠠᠷ ᠥᠭᠡᠷᠡᠴᠢᠯᠡᠯᠲᠡ ᠶᠢ ᠠᠬᠢᠭᠤᠯᠵᠤ᠂ ᠺᠠᠳ᠋ᠷᠴᠤᠳ ᠤᠨ ᠴᠤᠭ ᠰᠦᠯᠳᠡ ᠪᠣᠯᠣᠨ ᠠᠵᠢᠯ ᠤᠨ ᠪᠠᠶᠢᠳᠠᠯ ᠢ ᠤᠯᠠᠮ ᠴᠢᠨᠠᠭᠰᠢᠳᠠ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ 42 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠪᠡ᠃
3.webp.png
        ᠠᠵᠢᠯᠯᠠᠭ᠎ᠠ ᠶᠢᠨ ᠡᠴᠦᠰ ᠲᠤ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠡᠷᠡ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠲᠣᠰ ᠤᠳᠠᠭᠠᠨ ᠤ ᠶᠠᠷᠢᠶ᠎ᠠ ᠢᠯᠡᠳᠬᠡᠯ ᠨᠢ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ︽ᠠᠵᠢᠨᠠᠢ ᠬᠦᠯᠦᠭ︾ ᠢ ᠠᠭᠤᠳᠠᠯᠵᠤ᠂ ︽ᠥᠷᠢᠰᠦᠯᠳᠦᠭᠡᠨ ᠢᠶᠠᠷ ᠠᠬᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠬᠦ︾ ᠵᠢᠱᠢᠭᠰᠡᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ ᠲᠡᠷᠡ ᠴᠢᠬᠤᠯᠠᠴᠢᠯᠠᠭᠰᠠᠨ ᠨᠢ᠂ ᠶᠠᠷᠢᠶ᠎ᠠ ᠢᠯᠡᠳᠬᠡᠯ ᠬᠢᠬᠦ ᠪᠣᠯ ᠺᠠᠳ᠋ᠷᠴᠤᠳ ᠤᠨ ᠳᠠᠪᠲᠠᠨ ᠪᠣᠯᠪᠠᠰᠤᠷᠠᠬᠤ ᠰᠠᠶᠢᠨ ᠲᠣᠬᠢᠶᠠᠯ ᠮᠥᠨ᠂ ᠦᠨᠳᠦᠰᠦᠨ ᠱᠠᠲᠤ ᠪᠣᠯ ᠺᠠᠳ᠋ᠷᠴᠤᠳ ᠤᠨ ᠦᠢᠯᠡᠳᠦᠯᠭᠡ ᠶᠢᠨ ᠲᠣᠮᠣ ᠲᠠᠪᠴᠠᠩ ᠮᠥᠨ᠂ ᠡᠶᠢᠮᠦᠷᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠢᠭᠡ ᠪᠦᠯᠦᠭ ᠰᠢᠯᠢᠳᠡᠭ ᠺᠠᠳ᠋ᠷ ᠢ ᠢᠯᠡᠷᠡᠭᠦᠯᠬᠦ ᠪᠠ ᠰᠣᠩᠭᠤᠨ ᠬᠡᠷᠡᠭᠯᠡᠬᠦ ᠳᠤ ᠬᠠᠪᠰᠤᠷᠬᠤ ᠬᠡᠷᠡᠭᠲᠡᠢ᠃ ᠡᠭᠦᠨ ᠤ ᠬᠠᠮᠲᠤ ᠺᠠᠳ᠋ᠷ ᠠᠵᠢᠯᠲᠠᠨ ᠠᠵᠢᠯᠴᠢᠨ ᠢ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠥᠪ ᠢ ᠡᠷᠢᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠲᠠᠰᠤᠷᠠᠯᠳᠠ ᠦᠭᠡᠢ ᠰᠤᠷᠤᠯᠴᠠᠨ ᠳ᠋ᠦᠩᠨᠡᠵᠦ᠂ ᠭᠦᠨᠵᠡᠭᠡᠢ ᠰᠡᠳᠬᠢᠨ ᠪᠣᠳᠣᠯᠬᠢᠯᠠᠵᠤ ᠲᠡᠭᠦᠯᠳᠡᠷᠵᠢᠭᠦᠯᠦᠨ ᠳᠡᠭᠡᠭᠰᠢᠯᠡᠭᠦᠯᠬᠦ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠪᠥᠬᠦᠳᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠪᠣᠯᠣᠨ ᠱᠦᠵᠢ ᠰᠦᠨ ᠱᠣᠣ ᠴᠧᠩ ᠤᠨ ᠳᠤᠷᠠᠳᠤᠭᠰᠠᠨ ︽ᠳᠥᠷᠪᠡᠨ ᠤᠬᠠᠮᠰᠠᠷ︾ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠶᠡᠭᠡ ᠢᠨᠵᠧᠨᠧᠷᠢᠩ︾ ᠤᠨ ᠲᠣᠭᠤᠷᠢᠨ ᠳᠤ ︽1+1+N︾ ᠪᠠᠶᠢᠭᠤᠯᠭ᠎ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽1+8+N︾ ᠲᠣᠮᠣ ᠲᠠᠷᠢᠶᠠᠯᠠᠩ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠤ ᠪᠠᠶᠢᠭᠤᠯᠤᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号