ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠬᠤ ᠳᠦᠷᠢᠮ ᠤᠨ ᠤᠬᠠᠭᠤᠯᠭ᠎ᠠ ᠶᠢᠨ ᠰᠠᠷ᠎ᠠ ᠵᠢᠴᠢ 2024 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/9/23
11.jpg
       9 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠬᠤ ᠳᠦᠷᠢᠮ ᠤᠨ ᠤᠬᠠᠭᠤᠯᠭ᠎ᠠ ᠶᠢᠨ ᠰᠠᠷ᠎ᠠ ᠵᠢᠴᠢ 2024 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠤᠷᠤᠬᠤᠰᠢᠭᠤ ᠪᠠᠯᠭᠠᠰᠤᠨ ᠤ ᠢᠮᠠᠭᠠᠳᠤ ᠲᠣᠰᠬᠤᠨ ᠳᠤ ᠡᠬᠢᠯᠡᠪᠡ᠃ ᠠᠵᠢᠯᠯᠠᠭ᠎ᠠ ᠶᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠬᠠᠤᠯᠢ ᠴᠠᠭᠠᠵᠠ ᠶᠢᠨ ᠲᠢᠩᠬᠢᠮ ᠠᠴᠠ ᠬᠠᠮᠵᠢᠯᠴᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠠᠢ ᠱᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ 
22.jpg
       ᠲᠢᠩᠬᠢᠮ ᠤᠨ ᠳᠡᠳ᠋ ᠳᠠᠷᠤᠭ᠎ᠠ ᠬᠠᠢ ᠱᠠᠨ ᠵᠢᠭᠠᠵᠤ ᠭᠠᠷᠭᠠᠭᠰᠠᠨ ᠨᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠨᠡᠶᠢᠲᠡᠯᠡᠭᠰᠡᠨ ᠶᠠᠪᠤᠳᠠᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠷᠢᠶᠠᠯᠠᠩ᠂ ᠬᠥᠳᠡᠭᠡ ᠲᠣᠰᠬᠤᠨ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ᠤᠨ ᠤᠬᠠᠭᠤᠯᠭ᠎ᠠ ᠶᠢᠨ ᠰᠠᠷ᠎ᠠ︾ ᠵᠢᠴᠢ ︽2024 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ︾ ᠶᠢ ᠶᠠᠪᠤᠭᠳᠠᠭᠤᠯᠤᠭᠰᠠᠨ ᠨᠢ ᠣᠯᠠᠨ ᠵᠦᠢᠯ ᠤᠨ ᠬᠡᠯᠪᠡᠷᠢ ᠮᠠᠶ᠋ᠢᠭ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ︽ᠳᠦᠷᠢᠮ︾ ᠤᠨ ᠴᠢᠬᠤᠯᠠ ᠠᠴᠢ ᠬᠤᠯᠪᠣᠭᠳᠠᠯ᠂ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠥᠷᠭᠡᠨ ᠢᠶᠠᠷ ᠤᠬᠠᠭᠤᠯᠬᠤ ᠪᠠᠷ ᠪᠠᠷᠠᠬᠤ ᠦᠭᠡᠢ᠂ ᠨᠠᠩ ᠴᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ ᠥᠷᠭᠡᠨ ᠣᠯᠠᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠭᠡᠷᠡᠭᠳᠡᠢ ᠭᠡᠪᠡ᠃ 
33.jpg
       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠦᠷ ᠬᠥᠭᠵᠢᠶᠡᠨ ᠲᠠᠢ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠨᠠᠭᠠᠬᠤ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠬᠠᠭᠤᠳᠠᠰᠤ ︵ᠳᠡᠪᠲᠡᠷ︶ ᠲᠠᠷᠬᠠᠭᠠᠬᠤ᠂ ᠤᠬᠠᠭᠤᠯᠭ᠎ᠠ ᠶᠢᠨ ᠸᠢᠳᠢᠤ᠋ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦ᠋ᠷᠢᠮ︾ ᠢ ᠤᠬᠠᠭᠤᠯᠵᠤ᠂ ᠮᠠᠯᠴᠢᠨ ᠲᠠᠷᠢᠶᠠᠴᠢᠨ᠂ ᠬᠥᠯᠥᠰᠦᠨ ᠠᠵᠢᠯᠴᠢᠨ᠂ ᠲᠣᠰᠬᠤᠨ ᠤ ᠠᠷᠠᠳ ᠤᠨ ᠵᠥᠪᠯᠡᠯ ᠤᠨ ᠨᠠᠢᠮᠠᠨ ᠲᠠᠪᠤ ᠬᠠᠤᠯᠢ ᠲᠦᠭᠡᠮᠡᠯᠵᠢᠭᠦᠯᠬᠦ ᠤᠩᠰᠢᠬᠤ ᠪᠢᠴᠢᠭ᠂ ᠤᠯᠤᠰ ᠠᠴᠠ ᠴᠠᠭᠠᠵᠠᠯᠠᠭᠰᠠᠨ ᠪᠠ ᠬᠢᠵᠠᠭᠠᠷᠯᠠᠭᠰᠠᠨ ᠲᠠᠷᠢᠶᠠᠨ ᠡᠮ ᠤᠨ ᠭᠠᠷᠴᠠᠭ᠂ ᠬᠡᠷᠡᠭᠯᠡᠬᠦ ᠶᠢ ᠴᠠᠭᠠᠵᠠᠯᠠᠭᠰᠠᠨ ᠲᠠᠷᠢᠶᠠᠨ ᠡᠮ ᠤᠨ ᠨᠠᠷᠢᠨ ᠲᠠᠩᠰᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠬᠡᠷᠡᠭᠯᠡᠬᠦ ᠡᠮ ᠤᠨ ᠲᠣᠳᠣᠷᠬᠠᠢ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠪᠠ ᠲᠠᠷᠢᠶᠠᠨ ᠡᠮ ᠤᠨ ᠦᠯᠡᠳᠡᠭᠳᠡᠯ ᠢ ᠲᠦᠷᠭᠡᠨ ᠬᠡᠮᠵᠢᠬᠦ ᠦᠵᠡᠭᠦᠯᠭᠡ ᠶᠢᠨ ᠲᠠᠪᠴᠠᠩ᠂ ᠬᠠᠤᠯᠢ ᠴᠠᠭᠠᠵᠠ ᠶᠢᠨ ᠯᠠᠪᠯᠠᠯᠲᠠ ᠶᠢᠨ ᠲᠠᠪᠴᠠᠩ ᠭᠠᠷᠭᠠᠭᠰᠠᠨ ᠪᠥᠭᠡᠳ ᠬᠡᠷᠡᠭᠯᠡᠭᠴᠢᠳ ᠲᠤ ᠲᠤᠬᠠᠢ ᠶᠢᠨ ᠲᠠᠯᠠᠪᠤᠷ ᠤᠨ ᠲᠠᠶᠢᠯᠤᠮᠵᠢ ᠪᠠ ᠬᠠᠤᠯᠢ ᠴᠠᠭᠠᠵᠠ ᠶᠢᠨ ᠯᠠᠪᠯᠠᠯᠲᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ 10 ᠪᠣᠬᠢᠷᠲᠤᠯ ᠦᠭᠡᠢ ᠢᠳᠡᠭᠡᠨ ᠤ ᠠᠵᠤ ᠠᠬᠤᠶᠢᠯᠠᠯ ᠤᠨ 11 ᠵᠦᠢᠯ ᠤᠨ ᠪᠦᠲᠦᠭᠡᠭᠳᠡᠬᠦᠨ ᠢ ᠵᠣᠬᠢᠶᠠᠨ ᠪᠠᠶᠢᠭᠤᠯᠤᠨ ᠳᠡᠯᠭᠡᠨ ᠦᠵᠡᠭᠦᠯᠵᠦ᠂ ᠰᠢᠯᠭᠠᠨ ᠦᠵᠡᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽ᠰᠢᠨ᠎ᠡ ᠵᠠᠭᠤᠴᠢᠯᠠᠭᠤᠷ︾ ᠤᠨ ᠪᠦᠯᠬᠦᠮ ᠢ ᠤᠷᠢᠵᠤ ᠲᠤᠬᠠᠢ ᠶᠢᠨ ᠲᠠᠯᠠᠪᠤᠷ ᠲᠤ ᠦᠵᠡᠰᠬᠦᠯᠡᠩ ᠳᠤ ᠣᠷᠣᠯᠴᠠᠭᠰᠠᠨ ᠪᠣᠬᠢᠷᠲᠤᠯ ᠦᠭᠡᠢ ᠢᠳᠡᠭᠡᠨ ᠤ ᠠᠵᠤ ᠠᠬᠤᠶᠢᠯᠠᠯ ᠳᠤ ᠪᠦᠲᠦᠭᠡᠭᠳᠡᠬᠦᠨ ᠤ ᠲᠠᠨᠢᠯᠴᠠᠭᠤᠯᠭ᠎ᠠ ᠬᠢᠯᠭᠡᠪᠡ᠃ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ᠨᠢᠭᠤᠷᠲᠠᠨ ᠬᠠᠤᠯᠢ ᠴᠠᠭᠠᠵᠠ ᠶᠢ ᠰᠤᠷᠤᠯᠴᠠᠬᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ᠂ ᠠᠷᠠᠳ ᠣᠯᠠᠨ ᠤ ᠬᠠᠤᠯᠢ ᠪᠠᠷ ᠵᠠᠰᠠᠬᠤ ᠦᠵᠡᠯᠲᠡ ᠶᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠬᠡᠷᠡᠭᠯᠡᠭᠴᠢᠳ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠪᠠ᠃
44.jpg
       ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠬᠠᠮᠢᠶ᠎ᠠ ᠪᠦᠬᠦᠢ ᠭᠠᠵᠠᠷ ᠠᠯᠪᠠᠨ ᠭᠡᠷ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠲᠠᠰᠤᠭ᠂ ᠬᠡᠰᠡᠭ ᠰᠢᠶᠠᠨ ︵ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠨ ᠵᠢᠴᠢ ᠰᠢᠨ᠎ᠡ ᠬᠤᠲᠠ ᠲᠣᠭᠤᠷᠢᠭ ᠤᠨ ᠪᠤᠷᠤᠬᠤᠰᠢᠭᠤ ᠪᠠᠯᠭᠠᠰᠤᠨ ᠤ ᠣᠶᠢᠷ᠎ᠠ ᠬᠠᠪᠢ ᠶᠢᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠨᠡᠶᠢᠲᠡ 300 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃ ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠤᠯᠪᠤᠭᠠᠯᠠᠨ ᠬᠥᠳᠡᠯᠦᠯᠴᠡᠬᠦ ᠬᠡᠯᠪᠡᠷᠢ ᠪᠠᠷ ᠳᠠᠮᠵᠢᠭᠤᠯᠤᠨ᠂ ᠲᠣᠰ ᠲᠣᠰ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠣᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号