1. ᠬᠡᠷᠡᠭᠵᠢᠭᠦᠯᠬᠦ ᠠᠭᠤᠯᠭ᠎ᠠ᠄ ᠨᠥᠬᠦᠴᠡᠯ ᠳᠤ ᠨᠡᠶᠢᠴᠡᠬᠦ ᠣᠳᠣ ᠦᠶ᠎ᠡ ᠶᠢᠨ ᠲᠦᠬᠦᠭᠡᠷᠦᠮᠵᠢᠳᠦ ᠮᠠᠯ ᠠᠵᠤ | ᠠᠬᠤᠢ ᠶᠢᠨ ᠲᠥᠷᠥᠯ ᠵᠦᠢᠯ ᠤᠨ ᠵᠢᠭᠡᠯᠡᠯᠭᠡ ᠳᠤ ᠳᠠᠮ ᠬᠦᠦ ᠲᠠᠢ ᠳᠡᠮᠵᠢᠯᠭᠡ ᠦᠵᠡᠭᠦᠯᠵᠦ᠂ ︽ᠪᠦᠬᠦ ᠤᠯᠤᠰ ᠤᠨ | ᠣᠳᠣ ᠦᠶ᠎ᠡ ᠶᠢᠨ ᠲᠥᠬᠦᠭᠡᠷᠡᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ | ︵2023—2030 ᠣᠨ︶︾ ᠶᠢᠨ ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠪᠠᠷ ᠪᠠᠶᠢᠭᠤᠯᠬᠤ ᠪᠤᠶᠤ | ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠥᠭᠡᠴᠡᠯᠡᠬᠦ | ᠬᠥᠮᠥᠷᠭᠡ ᠪᠠᠷ ᠳᠠᠮᠵᠢᠭᠤᠯᠤᠨ ᠨᠥᠭᠡᠴᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠪᠡᠯᠡ ᠲᠣᠬᠢᠷᠠᠭᠤᠯᠭ᠎ᠠ ᠶᠢᠨ ᠲᠥᠷᠥᠯ ᠵᠦᠢᠯ ᠤᠨ ᠬᠥᠮᠥᠷᠭᠡ ᠳᠤ ᠨᠢᠭᠡᠳᠦᠯᠲᠡᠢ ᠬᠦᠷᠭᠡᠵᠦ᠂ ᠪᠠᠩᠬᠢ ᠠᠴᠠ ᠣᠯᠣᠭᠰᠠᠨ | ᠵᠢᠭᠡᠯᠡᠯᠭᠡ ᠶᠢᠨ ᠪᠡᠯᠡ ᠮᠥᠩᠭᠦ ᠶᠢ ᠦᠢᠯᠡᠳᠪᠦᠷᠢᠯᠡᠯ ᠡᠵᠡᠩᠨᠡᠯᠲᠡ ᠳᠤ ᠴᠢᠬᠤᠯᠠ ᠪᠦᠬᠦᠢ ᠰᠠᠭᠤᠷᠢ ᠲᠥᠬᠦᠭᠡᠷᠦᠮᠵᠢ᠂ | ᠲᠣᠭᠲᠠᠮᠠᠯ ᠬᠥᠷᠥᠩᠭᠡ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠵᠡᠷᠭᠡ ᠳᠤ ᠭᠤᠣᠯᠳᠠᠯᠭ᠎ᠠ ᠲᠠᠢ ᠬᠡᠷᠡᠭᠯᠡᠨ᠎ᠡ᠃ | 2. ᠨᠥᠬᠦᠪᠦᠷᠢ ᠣᠯᠭᠤᠬᠤ ᠡᠲᠡᠭᠡᠳ᠄ ᠵᠢᠭᠡᠯᠡᠯᠭᠡ ᠶᠢᠨ ᠳᠠᠮ ᠬᠦᠦ ᠲᠠᠢ ᠡᠲᠡᠭᠡᠳ ᠪᠣᠯ ᠮᠠᠯᠵᠢᠬᠤ ᠲᠠᠷᠢᠶᠠᠯᠠᠬᠤ | ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠠᠬᠤᠶᠢᠯᠠᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ | ᠪᠣᠯᠣᠨ᠎ᠠ᠃ ᠮᠡᠳᠡᠭᠦᠯᠬᠦ ᠭᠤᠣᠯ ᠴᠣᠭᠴᠠ ᠬᠢᠭᠡᠳ ᠵᠢᠭᠡᠯᠡᠯᠭᠡ ᠶᠢᠨ ᠭᠤᠣᠯ ᠴᠣᠭᠴᠠ ᠨᠢᠭᠡᠳᠦᠯᠲᠡᠢ ᠪᠠᠶᠢᠵᠤ᠂ ᠵᠢᠭᠡᠯᠡᠯᠭᠡ | ᠲᠠᠯᠪᠢᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠢᠭᠡᠯᠡᠯᠭᠡ ᠶᠢᠨ ᠭᠡᠷ᠎ᠡ ᠶᠢ ᠵᠢᠩᠬᠢᠨᠢ ᠪᠠᠷ ᠲᠣᠭᠲᠠᠭᠰᠠᠨ | ᠮᠥᠷᠲᠡᠭᠡᠨ ᠵᠢᠭᠡᠯᠡᠯᠭᠡ ᠶᠢᠨ ᠪᠡᠯᠡ ᠮᠥᠩᠭᠦ ᠶᠢ ᠨᠢᠭᠡᠨᠲᠡ ᠪᠣᠳᠠᠲᠠᠶᠢᠵᠢᠭᠤᠯᠵᠤ᠂ ᠵᠢᠭᠡᠯᠡᠯᠭᠡ ᠶᠢᠨ ᠪᠡᠯᠡ ᠮᠥᠩᠭᠦ ᠶᠢᠨ | ᠬᠡᠷᠡᠭᠯᠡᠯᠲᠡ ᠨᠢ ᠳᠠᠮ ᠬᠦᠦ ᠶᠢᠨ ᠬᠡᠪᠴᠢᠶᠡᠨ ᠳᠤ ᠨᠡᠶᠢᠴᠡᠭᠰᠡᠨ ᠪᠠᠶᠢᠬᠤ ᠬᠡᠷᠡᠭᠲᠡᠢ᠃ | 3. ᠨᠥᠬᠦᠪᠦᠷᠢ ᠥᠭᠬᠦ ᠪᠠᠷᠢᠮᠵᠢᠶ᠎ᠠ᠄ ᠵᠢᠭᠡᠯᠡᠯᠭᠡ ᠶᠢᠨ ᠳᠠᠮ ᠬᠦᠦ ᠶᠢ ︽ᠬᠤᠣᠰ ᠬᠢᠵᠠᠭᠠᠷ ᠢᠶᠠᠷ ᠬᠢᠵᠠᠭᠠᠷᠯᠠᠬᠤ︾ | ᠠᠷᠭ᠎ᠠ ᠶᠢ ᠠᠪᠴᠤ᠂ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠳᠡ ᠳᠠᠮ ᠬᠦᠦ ᠶᠢ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠡᠰ ᠤᠨ ᠵᠢᠭᠡᠯᠡᠯᠭᠡ ᠶᠢᠨ | ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠤᠷᠮ᠎ᠠ ︵LPR︶ ᠶᠢᠨ 90% ᠠᠴᠠ ᠥᠨᠳᠥᠷ | ᠪᠠᠶᠢᠯᠭᠠᠵᠤ ᠪᠣᠯᠬᠤ ᠦᠭᠡᠢ ᠪᠥᠭᠡᠳ ᠵᠢᠭᠡᠯᠡᠯᠭᠡ ᠶᠢᠨ ᠬᠦᠦ ᠶᠢᠨ ᠨᠤᠷᠮ᠎ᠠ ᠶᠢ 3% ᠠᠴᠠ ᠳᠠᠪᠠᠭᠤᠯᠵᠤ ᠪᠣᠯᠬᠤ | ᠦᠭᠡᠢ ︵ᠪᠣᠳᠠᠲᠠᠢ ᠬᠦᠦ ᠶᠢᠨ ᠨᠤᠷᠮ᠎ᠠ ᠨᠢ LPR ᠠᠴᠠ ᠳᠣᠣᠷ᠎ᠠ ᠪᠠᠶᠢᠪᠠᠯ ᠪᠣᠳᠠᠲᠠᠢ ᠬᠦᠦ ᠶᠢᠨ ᠨᠤᠷᠮ᠎ᠠ ᠪᠠᠷ | ᠪᠤᠳᠤᠨ᠎ᠠ︶᠃ | 4. ᠨᠥᠬᠦᠪᠦᠷᠢ ᠥᠭᠬᠦ ᠶᠠᠪᠤᠴᠠ᠄ | ︵1︶ ᠵᠣᠬᠢᠶᠠᠨ ᠪᠠᠶᠢᠭᠤᠯᠵᠤ ᠮᠡᠳᠡᠭᠦᠯᠬᠦ᠃ ᠨᠥᠬᠦᠴᠡᠯ ᠳᠤ ᠨᠡᠶᠢᠴᠡᠬᠦ ᠡᠵᠡᠩᠨᠡᠯᠲᠡ ᠶᠢᠨ ᠭᠤᠣᠯ ᠴᠣᠭᠴᠠ ᠨᠢ | ᠪᠠᠶᠢᠭ᠎ᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠳᠠᠮ ᠬᠦᠦ ᠮᠥᠩᠭᠦ | ᠭᠤᠶᠤᠴᠢᠯᠠᠬᠤ ᠪᠠ ᠬᠠᠮᠢᠶ᠎ᠠ ᠪᠦᠬᠦᠢ ᠳᠠᠩᠰᠠᠯᠠᠭᠤᠯᠬᠤ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠮᠡᠳᠡᠭᠦᠯᠬᠦ ᠭᠤᠣᠯ | ᠴᠣᠭᠴᠠ ᠶᠢᠨ ᠬᠠᠩᠭᠠᠬᠤ ᠴᠢᠬᠤᠯᠠᠲᠠᠢ ᠬᠠᠮᠢᠶ᠎ᠠ ᠪᠦᠬᠦᠢ ᠮᠠᠲ᠋ᠧᠷᠢᠶᠠᠯ ᠳᠤ᠄ ᠣᠲᠣ ᠦᠶ᠎ᠡ ᠶᠢᠨ ᠲᠥᠬᠦᠭᠡᠷᠡᠮᠵᠢᠲᠦ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠳᠠᠮ ᠬᠦᠦ ᠥᠭᠬᠦ | ᠭᠤᠶᠤᠴᠢᠯᠠᠯ ᠤᠨ ᠬᠦᠰᠦᠨᠦᠭᠲᠦ︔ ᠬᠠᠤᠯᠢ ᠶᠢᠨ ᠡᠷᠬᠡᠲᠡᠨ ᠤ ᠭᠡᠷᠡᠴᠢᠯᠡᠯ ᠤᠨ ᠬᠠᠭᠤᠯᠪᠤᠷᠢ ︵ᠬᠠᠤᠯᠢ ᠶᠢᠨ ᠡᠷᠬᠡᠲᠡᠨ ᠤ | ᠪᠤᠰᠤ ᠮᠡᠳᠡᠭᠦᠯᠦᠭᠰᠡᠨ ᠪᠡᠶᠡᠴᠢ ᠴᠣᠭᠴᠠ ᠶᠢᠨ ᠬᠠᠩᠭᠠᠭᠰᠠᠨ ᠪᠡᠶ᠎ᠡ ᠶᠢᠨ ᠦᠨᠡᠮᠯᠡᠯ ᠤᠨ ᠬᠠᠭᠤᠯᠪᠤᠷᠢ︶︔ ᠪᠠᠩᠬᠢ ᠶᠢᠨ | ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠬᠤ ᠲᠠᠮᠠᠭ᠎ᠠ ᠶᠢ ᠳᠠᠷᠤᠭᠰᠠᠨ ᠵᠢᠭᠡᠯᠡᠯᠭᠡ ᠶᠢᠨ ᠭᠡᠷ᠎ᠡ᠂ ᠵᠢᠭᠡᠯᠡᠯᠭᠡ ᠶᠢ | ᠪᠣᠳᠠᠲᠠᠶᠢᠵᠢᠭᠤᠯᠤᠭᠰᠠᠨ ᠭᠡᠷᠡᠴᠢ ᠪᠠᠷᠢᠮᠲᠠ᠂ ᠪᠠᠩᠬᠢ ᠶᠢᠨ ᠵᠢᠭᠡᠯᠡᠯᠭᠡ ᠶᠢᠨ ᠺᠠᠷᠲ ᠤᠨ ᠤᠭ ᠮᠠᠲ᠋ᠧᠷᠢᠶᠠᠯ ᠵᠢᠴᠢ | ᠬᠠᠭᠤᠯᠪᠤᠷᠢ ︵ᠤᠭ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠪᠤᠴᠠᠭᠠᠨ᠎ᠠ︶︔ ᠵᠢᠭᠡᠯᠡᠯᠭᠡ ᠲᠠᠯᠪᠢᠬᠤ | ᠪᠠᠩᠬᠢ ᠶᠢᠨ ᠭᠠᠷᠭᠠᠭᠰᠠᠨ ᠬᠦᠦ ᠮᠥᠩᠭᠦ ᠶᠢ ᠳ᠋ᠦᠩᠨᠡᠨ ᠪᠤᠳᠤᠭᠰᠠᠨ ᠲᠣᠳᠣᠷᠬᠠᠢ ᠬᠠᠭᠤᠳᠠᠰᠤ᠂ ᠬᠦᠦ ᠮᠥᠩᠭᠦ ᠶᠢ | ᠲᠥᠯᠥᠬᠦ ᠠᠩᠬᠠᠨ ᠤ ᠭᠡᠷᠡᠴᠢ ᠪᠠᠷᠢᠮᠲᠠ᠂ ᠵᠣᠭᠤᠰ ᠪᠤᠴᠠᠭᠠᠬᠤ ᠭᠡᠷᠡᠴᠢ ᠪᠠᠷᠢᠮᠲᠠ ᠶᠢᠨ ᠤᠭ ᠮᠠᠲ᠋ᠧᠷᠢᠶᠠᠯ ᠵᠢᠴᠢ | ᠬᠠᠭᠤᠯᠪᠤᠷᠢ ︵ᠤᠭ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠪᠤᠴᠠᠭᠠᠨ᠎ᠠ︶︔ ᠲᠦᠬᠦᠭᠡᠷᠦᠮᠵᠢᠳᠦ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢᠨ ᠦᠨᠡᠯᠡᠯᠲᠡ ︵ᠵᠢᠱᠢᠶᠡᠯᠡᠪᠡᠯ ᠬᠤᠯᠪᠣᠭᠳᠠᠬᠤ︶ ᠵᠡᠷᠭᠡ ᠵᠥᠪᠰᠢᠶᠡᠷᠡᠯ ᠤᠨ ᠪᠢᠴᠢᠭ | ᠮᠠᠲ᠋ᠧᠷᠢᠶᠠᠯ ᠤᠨ ᠬᠠᠭᠤᠯᠪᠤᠷᠢ︔ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠡᠷ᠎ᠡ᠂ ᠲᠣᠭᠲᠠᠮᠠᠯ | ᠬᠥᠷᠥᠩᠭᠡ ᠶᠢᠨ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ᠂ ᠬᠠᠮᠢᠶ᠎ᠠ ᠪᠦᠬᠦᠢ | ᠫᠢᠶᠣᠣ ᠪᠠᠷᠢᠮᠲᠠ︔ ᠱᠠᠲᠤ ᠬᠤᠪᠢᠶᠠᠨ ᠨᠥᠭᠡᠴᠡᠯᠡᠬᠦ ᠶᠢᠨ ᠬᠠᠮᠲᠤ ᠣᠲᠣ ᠦᠶ᠎ᠡ ᠶᠢᠨ ᠲᠥᠬᠦᠭᠡᠷᠡᠮᠵᠢᠲᠦ | ᠲᠠᠷᠢᠶᠠᠯᠠᠩ ᠤᠨ ᠪᠡᠯᠡ ᠲᠣᠬᠢᠷᠠᠭᠤᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠲᠠᠪᠴᠠᠩ ᠤᠨ | ᠭᠡᠷᠡᠴᠢᠯᠡᠯ ︵ᠰᠦᠯᠵᠢᠶᠡᠨ ᠤ ᠬᠠᠶ᠋ᠢᠭ᠄ https://acpmp.agri.cn︶ ᠳᠤ ᠣᠷᠣᠭᠤᠯᠤᠨ᠎ᠠ᠃ | ︵2︶ ᠬᠢᠷᠢ ᠬᠡᠮ ᠢ ᠬᠢᠨᠠᠨ ᠬᠠᠷᠭᠤᠭᠤᠯᠬᠤ᠃ ᠵᠢᠭᠡᠯᠡᠯᠭᠡ ᠲᠠᠯᠪᠢᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠵᠢᠭᠡᠯᠡᠯᠭᠡ ᠶᠢᠨ ᠭᠤᠣᠯ ᠴᠣᠭᠴᠠ ᠶᠢᠨ ᠲᠤᠰᠢᠶᠠᠭᠰᠠᠨ ᠬᠠᠮᠢᠶ᠎ᠠ ᠪᠦᠬᠦᠢ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ | ᠡᠭᠦᠨ ᠳᠤ ᠳᠠᠮ ᠬᠦᠦ ᠮᠡᠳᠡᠭᠦᠯᠬᠦ ᠪᠠᠷ ᠮᠡᠳᠡᠭᠦᠯᠦᠭᠰᠡᠨ ᠲᠥᠷᠥᠯ ᠵᠦᠢᠯ ᠳᠤ ᠲᠤᠬᠠᠢ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠯᠲᠠ ᠬᠢᠵᠦ᠂ ᠪᠠᠩᠬᠢ ᠶᠢᠨ ᠵᠢᠭᠡᠯᠡᠯᠭᠡ ᠵᠢᠴᠢ ᠬᠦᠦ ᠮᠥᠩᠭᠦ ᠥᠭᠬᠦ ᠦᠨᠡᠨ ᠪᠣᠳᠠᠲᠤ ᠴᠢᠨᠠᠷ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠬᠢᠭᠡᠳ ᠭᠡᠷ᠎ᠡ ᠳᠤ ᠪᠣᠯᠵᠣᠨ ᠲᠣᠭᠲᠠᠭᠰᠠᠨ ᠠᠭᠤᠯᠭ᠎ᠠ ᠶᠢᠨ | ᠨᠢᠭᠡᠳᠦᠯᠲᠦ ᠴᠢᠨᠠᠷ ᠵᠡᠷᠭᠡ ᠶᠢ ᠴᠢᠩᠭ᠎ᠠ ᠬᠢᠨᠠᠨ ᠪᠠᠶᠢᠴᠠᠭᠠᠵᠤ᠂ ᠳᠠᠮ ᠬᠦᠦ ᠥᠭᠬᠦ ᠨᠥᠬᠦᠴᠡᠯ ᠳᠤ ᠨᠡᠶᠢᠴᠡᠬᠦ ᠲᠥᠷᠥᠯ | ᠵᠦᠢᠯ ᠵᠢᠴᠢ ᠭᠤᠣᠯ ᠴᠣᠭᠴᠠ ᠶᠢ ᠲᠣᠭᠲᠠᠭᠠᠵᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠪᠠᠭᠲᠠᠨ᠎ᠠ᠃ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠬᠠᠷᠭᠤᠭᠤᠯᠤᠨ ᠪᠠᠶᠢᠴᠠᠭᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠢᠩᠬᠢᠨᠢ ᠪᠢᠴᠢᠭ ᠮᠠᠲ᠋ᠧᠷᠢᠶᠠᠯ ᠢ ᠳᠡᠭᠡᠭᠰᠢ ᠮᠡᠳᠡᠭᠦᠯᠵᠦ | ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ᠂ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢᠶᠠᠷ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠭᠤᠶᠤᠴᠢᠯᠠᠬᠤ ᠶᠢᠨ ᠦᠨᠳᠦᠰᠦᠯᠡᠯ ᠪᠣᠯᠭᠠᠨ᠎ᠠ᠃ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠡᠯ᠎ᠡ | ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠵᠢᠭᠡᠯᠡᠯᠭᠡ ᠶᠢᠨ ᠳᠠᠮ ᠬᠦᠦ ᠶᠢᠨ ᠪᠠᠶᠢᠳᠠᠯ ᠳᠤ ᠰᠤᠭᠤᠴᠢᠨ | ᠪᠠᠶᠢᠴᠠᠭᠠᠯᠲᠠ ᠬᠢᠨ᠎ᠡ᠃ | ︵3︶ ᠳᠠᠩᠰᠠᠯᠠᠭᠤᠯᠬᠤ ᠪᠠ ᠵᠠᠷᠯᠠᠨ ᠨᠡᠶᠢᠲᠡᠯᠡᠬᠦ᠃ ᠡᠯ᠎ᠡ ᠠᠶᠢᠮᠠᠭ ᠬᠤᠲᠠ ᠳᠠᠮ ᠬᠦᠦ ᠲᠠᠢ ᠡᠵᠡᠩᠨᠡᠯᠲᠡ ᠶᠢᠨ | ᠭᠤᠣᠯ ᠴᠣᠭᠴᠠ ᠶᠢᠨ ᠨᠡᠷᠡᠰ ᠪᠣᠯᠣᠨ ᠵᠢᠭᠡᠯᠡᠯᠭᠡ ᠶᠢᠨ ᠳᠠᠮ ᠬᠦᠦ ᠲᠠᠢ ᠵᠣᠭᠤᠰ ᠤᠨ ᠲᠤᠭ᠎ᠠ ᠵᠡᠷᠭᠡ ᠶᠢ ᠠᠶᠢᠮᠠᠭ | ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠳᠤ | ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠤᠨ ᠬᠢᠵᠠᠭᠠᠷ ᠨᠢ 5 ᠠᠵᠢᠯᠯᠠᠬᠤ ᠡᠳᠦᠷ ᠪᠠᠶᠢᠬᠤ ᠶᠢᠨ ᠬᠠᠮᠲᠤ ᠢᠯᠡ | ᠨᠡᠶᠢᠲᠡᠯᠡᠬᠦ ᠳᠤ ᠣᠨᠳᠣᠣ ᠰᠠᠨᠠᠯ ᠦᠭᠡᠢ ᠡᠵᠡᠩᠨᠡᠯᠲᠡ ᠶᠢᠨ ᠭᠤᠣᠯ ᠴᠣᠭᠴᠠ ᠶᠢᠨ ᠮᠡᠳᠡᠭᠦᠯᠦᠭᠰᠡᠨ ᠮᠠᠲ᠋ᠧᠷᠢᠶᠠᠯ ᠢ | ᠬᠤᠷᠢᠶᠠᠩᠭᠤᠶᠢᠯᠠᠭᠰᠠᠨ ᠤ ᠳᠠᠷᠠᠭ᠎ᠠ ᠳᠡᠭᠡᠭᠰᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ︵4︶ ᠲᠠᠮ ᠬᠦᠦ ᠲᠠᠢ ᠪᠡᠯᠡ ᠮᠥᠩᠭᠦ ᠶᠢ ᠤᠯᠭᠤᠬᠤ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠤ ᠲᠡᠮ ᠬᠦᠦ ᠲᠠᠢ | ᠪᠠᠶᠢᠯᠭᠠᠬᠤ ᠪᠠᠷ ᠭᠤᠶᠤᠴᠢᠯᠠᠭᠰᠠᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠳᠤ ᠪᠡᠯᠡ ᠮᠥᠩᠭᠦ ᠬᠤᠪᠢᠶᠠᠷᠢᠯᠠᠬᠤ ᠲᠥᠰᠥᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ ᠠᠶᠢᠮᠠᠭ ᠬᠤᠳᠠ ᠶᠢᠨ ᠡᠳ᠋ ᠤᠨ ᠵᠠᠰᠠᠭ ᠲᠤ ᠲᠡᠮ ᠬᠦᠦ ᠲᠠᠢ ᠪᠡᠯᠡ ᠮᠥᠩᠭᠦ ᠶᠢ ᠴᠠᠭ ᠲᠤᠬᠠᠢ ᠳᠤ ᠨᠢ | ᠰᠠᠯᠭᠠᠨ ᠥᠭᠬᠦ ᠬᠡᠷᠡᠭᠲᠡᠢ᠃ ᠠᠶᠢᠮᠠᠭ ᠬᠤᠲᠠ ᠬᠤᠰᠢᠭᠤ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠠᠴᠠ ᠪᠡᠯᠡ | ᠮᠥᠩᠭᠦ ᠪᠠᠭᠤᠯᠭᠠᠭᠰᠠᠨ 30 ᠠᠵᠢᠯᠯᠠᠬᠤ ᠡᠳᠦᠷ ᠤᠨ ᠳᠣᠲᠣᠷ᠎ᠠ ᠲᠠᠮ ᠬᠦᠦ ᠲᠠᠢ ᠪᠡᠯᠡ ᠮᠥᠩᠭᠦ ᠶᠢ ᠤᠯᠭᠤᠬᠤ | ᠬᠡᠷᠡᠭᠲᠡᠢ᠃ |