ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠵᠢᠯᠤᠭᠤᠳᠤᠨ ᠨᠠᠶᠢᠷᠠᠭᠤᠯᠵᠤ ᠲᠤᠭᠳᠠᠭᠠᠭᠰᠠᠨ 4 ᠵᠦᠢᠯ ᠤᠨ ᠪᠦᠯᠬᠦᠮ ᠤᠨ ᠪᠠᠷᠢᠮᠵᠢᠶ᠎ᠠ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ 2024 ᠣᠨ ᠤ ᠬᠤᠳᠠᠯᠳᠤᠭᠠᠴᠢᠳ ᠤᠨ ᠡᠪᠯᠡᠯ ᠤᠨ ᠪᠦᠯᠬᠦᠮ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/9/25
      ᠣᠶᠢᠷ᠎ᠠ ᠳᠤ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ 2024 ᠣᠨ ᠤ ᠬᠤᠳᠠᠯᠳᠤᠭᠠᠴᠢᠳ ᠤᠨ ᠡᠪᠯᠡᠯ ᠤᠨ ᠪᠦᠯᠬᠦᠮ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠶᠢᠨ ᠨᠡᠷᠡᠰ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠵᠢᠯᠣᠭᠤᠳᠤᠨ ᠳᠡᠮᠵᠢᠬᠦ ᠶᠢᠨ ᠬᠠᠮᠲᠤ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠲᠤ ᠨᠠᠶᠢᠳᠠᠵᠤ ᠲᠣᠭᠲᠠᠭᠠᠨ ᠨᠡᠶᠢᠲᠡᠯᠡᠭᠰᠡᠨ ︽ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢ ᠮᠡᠳᠡᠷᠡᠬᠦ ᠶᠡᠷᠦᠩᠬᠡᠢ ᠳᠦᠷᠢᠮ T/NMBD 004︱2023︾ ︽ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠦᠨᠡᠯᠡᠬᠦ ᠵᠢᠷᠤᠮᠵᠢᠯ ᠤᠨ 1 ᠳ᠋ᠦ᠋ᠭᠡᠷ ᠬᠡᠰᠡᠭ᠄ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ T/NMBD 001︱2023︾ ︽ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠦᠨᠡᠯᠡᠯᠲᠡ ᠶᠢᠨ ᠵᠢᠷᠤᠮᠵᠢᠯ ᠤᠨ 2 ᠳ᠋ᠤᠭᠠᠷ ᠬᠡᠰᠡᠭ᠄ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ T/NMBD 002︱2023︾ ︽ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠦᠨᠡᠯᠡᠯᠲᠡ ᠶᠢᠨ ᠵᠢᠷᠤᠮᠵᠢᠯ ᠤᠨ 3 ᠳ᠋ᠤᠭᠠᠷ ᠬᠡᠰᠡᠭ᠄ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ T/NMBD 003︱2023︾ 4 ᠵᠦᠢᠯ ᠤᠨ ᠪᠦᠯᠬᠦᠮ ᠨᠡᠶᠢᠲᠡ ᠶᠢᠨ ᠪᠠᠷᠢᠮᠵᠢᠶᠠᠨ ᠤ ᠲᠥᠷᠥᠯ ᠵᠦᠢᠯ ᠲᠣᠰ ᠢᠷᠠᠭᠤ ᠠᠯᠳᠠᠷ ᠢ ᠭᠥᠷᠳᠡᠪᠡ᠃
W020240925566916073222.png
W020240925566916146311.png
      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠪᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠵᠠᠮ ᠪᠣᠯᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2021— 2023 ᠣᠨ︶︾ ᠢ ᠬᠡᠷᠡᠭᠵᠢᠭᠦᠯᠬᠦ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠪᠣᠳᠠᠲᠤ ᠪᠠᠶᠢᠳᠠᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠬᠥᠲᠥᠴᠢ ᠪᠣᠯᠭᠠᠭᠰᠠᠨ᠂ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠪᠠ ᠦᠢᠯᠡᠳᠬᠦᠨ ᠤ ᠨᠠᠷᠠᠲᠤ ᠲᠥᠷᠥᠯ ᠲᠡᠮᠳᠡᠭᠲᠦ ᠶᠢ ᠬᠠᠮᠵᠢᠯᠴᠠᠨ ᠠᠬᠢᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠯᠡᠨ᠂ ᠪᠠᠷᠢᠮᠵᠢᠶᠠᠵᠢᠭᠤᠯᠬᠤ ᠪᠠᠷ ᠳᠠᠮᠵᠢᠭᠤᠯᠤᠨ ᠠᠵᠤ ᠦᠢᠯᠡᠰ ᠢ ᠰᠢᠯᠢᠳᠡᠭᠵᠢᠭᠦᠯᠵᠡᠢ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠨᠠᠷᠠᠲᠤ ᠲᠥᠷᠥᠯ ᠲᠡᠮᠳᠡᠭᠲᠦ ᠶᠢᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠨᠠᠩ ᠥᠨᠳᠥᠷ ᠪᠠᠷᠢᠮᠵᠢᠶ᠎ᠠ ᠪᠠᠷ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠲᠠᠢ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶᠠᠲᠤ ᠬᠥᠭᠵᠢᠯᠲᠡ ᠶᠢ ᠨᠠᠩ ᠰᠠᠶᠢᠨ ᠢᠶᠠᠷ ᠲᠦᠯᠬᠢᠨ ᠠᠬᠢᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号