2024 ᠣᠨ ᠤ 9 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ 11 ᠤᠯᠤᠰ ᠤᠨ ᠠᠵᠤ ᠠᠬᠤᠢ ᠠᠷᠠᠯᠵᠢᠶᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠭᠠᠵᠠᠷ ᠠᠴᠠ | ᠬᠠᠮᠲᠤᠷᠠᠨ ᠡᠷᠬᠢᠯᠡᠭᠰᠡᠨ 21 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ︱ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠭᠤᠸᠠᠩᠰᠢ ᠶᠢᠨ ᠨᠠᠨᠨᠢᠩ ᠤᠨ ᠤᠯᠠᠨ ᠤᠯᠤᠰ ᠤᠨ | ᠦᠵᠡᠰᠬᠦᠯᠡᠩ ᠤᠨ ᠲᠥᠪ ᠲᠤ ᠦᠪᠡᠳᠡᠭᠰᠢ ᠶᠡᠬᠡᠪᠡᠷ ᠡᠬᠢᠯᠡᠪᠡ᠃ | ᠲᠤᠰ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠦᠵᠡᠰᠬᠦᠯᠡᠩ ᠤᠨ ᠴᠤᠭᠯᠠᠭᠠᠨ ᠨᠢ ︽ᠳᠣᠲᠣᠨᠣ ᠦᠨᠡᠨᠴᠢ ᠬᠦᠷᠲᠡᠭᠡᠮᠵᠢ ᠲᠠᠢ ᠪᠠᠭᠲᠠᠭᠠᠮᠵᠢᠲᠠᠢ ᠬᠠᠮᠲᠤᠪᠠᠷ ᠬᠥᠭᠵᠢᠵᠦ᠂ | ᠬᠢᠯᠠᠯᠵᠠᠭᠰᠠᠨ ᠠᠮᠵᠢᠯᠳᠠ ᠪᠠᠷ ᠢᠶᠠᠨ ᠢᠷᠡᠭᠡᠳᠦᠢ ᠪᠠᠨ ᠴᠤᠭᠴᠠᠯᠠᠶ᠎ᠠ ︱ ᠳᠤᠮᠳᠠᠳᠤ ᠤᠯᠤᠰ ︱ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ | ᠪᠦᠲᠦᠭᠡᠨ ᠪᠠᠶᠢᠭᠤᠯᠤᠯᠲᠠ ᠪᠣᠯᠣᠨ ᠣᠷᠣᠨ ᠪᠦᠰᠡ ᠶᠢᠨ ᠴᠢᠨᠠᠷ ᠰᠠᠶᠢᠲᠠᠢ ᠨᠡᠮᠡᠭᠳᠡᠯ ᠢ ᠠᠬᠢᠭᠤᠯᠤᠶ᠎ᠠ︾ ᠪᠠᠷ ᠭᠤᠣᠯ | ᠰᠡᠳᠦᠪ ᠪᠣᠯᠭᠠᠵᠤ᠂ ᠬᠤᠷᠠᠯ ᠤᠨ ᠬᠤᠭᠤᠴᠠᠭ᠎ᠠ 5 ᠡᠳᠦᠷ ᠪᠠᠶᠢᠵᠤ᠂ ᠭᠤᠣᠯᠳᠠᠭᠤ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ᠂ ᠰᠢᠨ᠎ᠡ ᠲᠣᠭᠠᠴᠢᠯᠠᠭᠰᠠᠨ ᠮᠡᠷᠭᠡᠵᠢᠯ᠂ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠳᠡᠭᠡᠳᠦ ᠰᠢᠨ᠎ᠡ ᠦᠢᠯᠡᠳᠬᠦᠨ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠨ | ᠬᠤᠯᠪᠣᠭ᠎ᠠ ᠳᠤ ᠬᠠᠨᠳᠤᠭᠤᠯᠤᠭᠰᠠᠨ ᠰᠢᠨ᠎ᠡ ᠮᠠᠶ᠋ᠢᠭ ᠤᠨ ᠰᠣᠳᠣᠨ ᠪᠦᠲᠦᠭᠡᠯ᠂ ᠰᠣᠶᠣᠯ ᠢᠷᠭᠡᠨᠰᠢᠯ ᠤᠨ ᠰᠣᠯᠢᠯᠴᠠᠭ᠎ᠠ | ᠵᠡᠷᠭᠡ ᠠᠭᠤᠯᠭ᠎ᠠ ᠶᠢ ᠳᠡᠯᠭᠡᠨ ᠦᠵᠡᠭᠦᠯᠵᠦ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠥᠷᠭᠡᠳᠬᠡᠬᠦ ᠴᠢᠬᠤᠯᠠ | ᠲᠠᠪᠴᠠᠩ ᠪᠣᠯᠣᠨ᠎ᠠ᠃ ᠲᠤᠰ ᠤᠳᠠᠭ᠎ᠠ ᠶᠢᠨ ᠦᠵᠡᠰᠬᠦᠯᠡᠩ ᠳᠤ ᠨᠡᠶᠢᠳᠡ 2000 ᠭᠠᠷᠤᠢ ᠠᠵᠤ ᠠᠬᠤᠶᠢᠯᠠᠯ | ᠣᠷᠣᠯᠴᠠᠵᠤ᠂ ᠡᠭᠦᠨ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠣᠷᠣᠨ ᠪᠦᠰᠡ ᠶᠢᠨ | ᠭᠠᠳᠠᠨᠠᠬᠢ 800 ᠭᠠᠷᠤᠢ ᠠᠵᠤ ᠠᠬᠤᠶᠢᠯᠠᠯ ᠣᠷᠣᠯᠴᠠᠵᠠᠢ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠦᠵᠡᠰᠬᠦᠯᠡᠩ ᠤᠨ ᠴᠤᠭᠯᠠᠭᠠᠨ ᠭᠡᠬᠦ ᠡᠨᠡ ᠬᠦ ᠴᠢᠬᠤᠯᠠ ᠨᠡᠭᠡᠭᠡᠯᠲᠡ ᠶᠢᠨ ᠲᠠᠪᠴᠠᠩ ᠢ ᠭᠦᠢᠴᠡᠳ ᠠᠰᠢᠭᠯᠠᠨ᠂ ᠮᠠᠨ ᠤ | ᠣᠷᠣᠨ ᠤ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ | ᠲᠥᠷᠥᠯ ᠲᠡᠮᠳᠡᠭᠲᠦ ᠶᠢ ᠢᠳᠡᠪᠬᠢᠲᠡᠢ ᠪᠠᠷ ᠤᠬᠠᠭᠤᠯᠵᠤ᠂ ︽ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ᠂ | ᠰᠢᠯᠢᠳᠡᠭ ᠤᠨ ᠳᠣᠲᠣᠷ᠎ᠠ ᠠᠴᠠ ᠣᠬᠢ ᠶᠢ ᠨᠢ ᠰᠣᠩᠭᠤᠬᠤ︾ ᠶᠢ ᠪᠠᠷᠢᠮᠲᠠᠯᠠᠨ᠂ ᠪᠥᠬᠦ ᠣᠷᠣᠨ ᠤ 12 ᠠᠶᠢᠮᠠᠭ | ᠬᠤᠲᠠ ᠶᠢᠨ 30 ᠭᠠᠷᠤᠢ ᠠᠵᠤ ᠠᠬᠤᠶᠢᠯᠠᠯ ᠢ ᠨᠠᠷᠢᠯᠢᠭ ᠰᠣᠩᠭᠤᠵᠤ ᠥᠪᠥᠷ ᠮᠣᠩᠭᠤᠯ ᠤᠨ 300 ᠭᠠᠷᠤᠢ | ᠲᠥᠷᠥᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠡᠭᠦᠨ | ᠣᠷᠣᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠤᠯᠪᠠ᠃ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠬᠦ᠂ | ᠶᠠᠰᠤ ᠴᠢᠨᠠᠷ ᠢᠶᠠᠷ ᠰᠢᠯᠭᠠᠨ ᠰᠣᠯᠢᠯᠴᠠᠬᠤ᠂ ᠲᠠᠪᠴᠠᠩ ᠢᠶᠠᠷ ᠰᠢᠭᠤᠳ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠠᠨ ᠤ ᠣᠷᠣᠨ ᠤ ᠴᠢᠨᠠᠷ ᠰᠠᠶᠢᠲᠠᠢ ᠦᠬᠡᠷ ᠬᠤᠨᠢᠨ ᠮᠢᠬ᠎ᠠ᠂ ᠴᠠᠭᠠᠨ ᠢᠳᠡᠭᠡ ᠪᠠ ᠠᠮᠤ ᠪᠤᠳᠠᠭ᠎ᠠ | ᠵᠡᠷᠭᠡ ᠤᠯᠠᠮᠵᠢᠯᠠᠯᠲᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠪᠠ ᠣᠨᠴᠠᠯᠢᠭᠲᠤ ᠲᠡᠮᠡᠭᠡᠨ ᠰᠦ᠂ ᠣᠶ ᠶᠢᠨ | ᠬᠤᠷᠮᠣᠢ ᠶᠢᠨ ᠠᠵᠤ ᠠᠬᠤᠢ ᠵᠡᠷᠭᠡ ᠣᠨᠴᠠᠯᠢᠭᠲᠤ ᠪᠦᠲᠦᠭᠡᠭᠳᠡᠬᠦᠨ ᠢ ᠳᠡᠯᠭᠡᠨ ᠦᠵᠡᠭᠦᠯᠵᠡᠢ︔ ᠥᠪᠥᠷ ᠮᠣᠩᠭᠤᠯ ᠤᠨ | ᠲᠠᠯ᠎ᠠ ᠨᠤᠲᠤᠭ ᠤᠨ ᠪᠠᠶᠢᠭᠠᠯᠢᠯᠢᠭ᠂ ᠪᠣᠬᠢᠷᠲᠤᠯ ᠦᠭᠡᠢ᠂ ᠴᠢᠨᠠᠷ ᠰᠠᠶᠢᠲᠠᠢ ᠦᠬᠡᠷ ᠬᠤᠨᠢᠨ ᠮᠢᠬ᠎ᠠ᠂ ᠴᠠᠭᠠᠨ ᠢᠳᠡᠭᠡ | ᠵᠡᠷᠭᠡ ᠪᠦᠲᠦᠭᠡᠭᠳᠡᠬᠦᠨ ᠢᠶᠠᠷ ᠲᠣᠯᠢ ᠪᠣᠯᠭᠠᠵᠠᠢ︔ ︽ᠰᠢᠭᠤᠳ ᠨᠡᠪᠲᠡᠷᠡᠭᠦᠯᠬᠦ ᠲᠠᠰᠤᠭ︾ ᠢᠶᠠᠷ ᠵᠠᠭᠤᠴᠢᠯᠠᠭᠤᠷ ᠪᠣᠯᠭᠠᠵᠤ᠂ | ︽ᠤᠬᠠᠭᠤᠯᠤᠭᠴᠢ︾ ᠶᠢᠨ ᠤᠬᠠᠭᠤᠯᠭ᠎ᠠ ᠶᠢ ᠠᠰᠢᠭᠯᠠᠨ᠂ ᠲᠢᠭ᠋ ᠳᠤᠭ ᠲᠠᠪᠴᠠᠩ᠂ ᠪᠤᠱᠢᠭᠤ ᠭᠠᠷ ᠲᠠᠪᠴᠠᠩ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ︽ᠭᠠᠳᠠᠭᠰᠢ ᠭᠠᠷᠭᠠᠬᠤ︾ ᠳᠤ ᠬᠦᠴᠦᠨ ᠨᠡᠮᠡᠷᠢᠯᠡᠵᠡᠢ᠃ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠨᠢ ᠶᠡᠭᠡ | ᠬᠡᠮᠵᠢᠶᠡᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ | ᠪᠣᠯᠣᠨ ᠦᠵᠡᠭᠴᠢᠳ ᠤᠨ ᠠᠩᠬᠠᠷᠤᠯ ᠢ ᠲᠠᠲᠠᠵᠤ᠂ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠳᠠᠯᠳᠤᠨ ᠠᠪᠬᠤ ᠬᠤᠳᠠᠯᠳᠤᠭᠠᠴᠢᠨ ᠪᠣᠯᠣᠨ ᠦᠵᠡᠰᠬᠦᠯᠡᠩ ᠳᠤ ᠣᠷᠣᠯᠴᠠᠭᠰᠠᠨ | ᠦᠵᠡᠭᠴᠢᠳ ᠲᠤ ᠲᠠᠯ᠎ᠠ ᠨᠤᠲᠤᠭ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠢ᠃ | | | | | ᠲᠣᠰ ᠤᠳᠠᠭᠠᠨ ᠤ ᠦᠵᠡᠰᠬᠦᠯᠡᠩ ᠳᠤ ᠵᠡᠷᠭᠡ ᠪᠠᠷ ᠪᠠᠰᠠ ᠲᠠᠷᠢᠶᠠᠯᠠᠩ ᠤᠨ ᠬᠠᠮᠲᠤᠷᠠᠯᠴᠠᠭᠠᠨ ᠤ ᠬᠤᠷᠠᠯ᠂ | ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ᠂ ᠬᠤᠳᠠᠯᠳᠤᠨ ᠠᠪᠬᠤ ᠶᠢ ᠵᠣᠯᠭᠠᠭᠤᠯᠬᠤ | ᠵᠡᠷᠭᠡ ᠠᠵᠢᠯᠯᠠᠭ᠎ᠠ ᠥᠷᠨᠢᠭᠦᠯᠵᠦ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠨ ᠤᠬᠠᠭᠤᠯᠤᠨ | ᠳᠡᠯᠭᠡᠷᠡᠭᠦᠯᠬᠦ ᠪᠠ ᠳᠡᠯᠭᠡᠨ ᠦᠵᠡᠭᠦᠯᠵᠦ ᠪᠣᠷᠣᠯᠠᠭᠤᠯᠬᠤ ᠲᠠᠪᠴᠠᠩ ᠪᠠᠶᠢᠭᠤᠯᠬᠤ᠂ ᠨᠠᠷᠠᠲᠤ ᠲᠥᠷᠥᠯ ᠲᠡᠮᠳᠡᠭᠲᠦ ᠶᠢᠨ | ᠠᠯᠳᠠᠷᠰᠢᠯ ᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ | ᠥᠷᠭᠡᠳᠬᠡᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ |