ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/9/25
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 9 ᠰᠠᠷ᠎ᠠ ᠶᠢᠨ 25 ᠤ ᠡᠳᠦᠷ ᠤᠨ 18 ᠴᠠᠭ 00 ᠮᠢᠨᠦ᠋ᠲ ᠲᠤ ᠬᠠᠮᠲᠤᠷᠠᠨ ᠬᠢᠷᠠᠭᠤ ᠤᠨᠠᠬᠤ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      9 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠮᠠᠨ ᠤ ᠣᠷᠣᠨ ᠳᠤ ᠨᠢᠭᠡ ᠤᠳᠠᠭᠠᠨ ᠤ ᠨᠡᠯᠢᠶᠡᠳ ᠴᠢᠩᠭ᠎ᠠ ᠬᠦᠢᠲᠡᠨ ᠠᠭᠤᠷ ᠠᠮᠢᠰᠬᠤᠯ ᠤᠨ ᠴᠠᠭ ᠠᠭᠤᠷ ᠢᠯᠡᠷᠡᠨ᠎ᠡ᠃ ᠪᠥᠬᠦ ᠣᠷᠣᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ 6~8℃ ᠳᠣᠷᠣᠭᠰᠢᠯᠠᠵᠤ᠂ ᠪᠠᠷᠠᠭᠤᠨ ᠬᠡᠰᠡᠭ ᠤᠨ ᠶᠡᠬᠡᠩᠬᠢ ᠭᠠᠵᠠᠷ ᠪᠠ ᠵᠡᠭᠦᠨ ᠬᠡᠰᠡᠭ ᠤᠨ ᠡᠮᠦᠨᠡᠭᠦᠷᠬᠢ ᠭᠠᠵᠠᠷ ᠣᠷᠣᠨ ᠤ ᠠᠭᠠᠷ ᠤᠨ ᠳᠤᠯᠠᠭᠠᠨ 8~12℃ ᠳᠣᠷᠣᠭᠰᠢᠯᠠᠨ᠎ᠠ︔ ᠪᠠᠷᠠᠭᠤᠨ ᠬᠡᠰᠡᠭ ᠤᠨ ᠵᠡᠭᠦᠨ ᠪᠡᠶ᠎ᠡ᠂ ᠳᠤᠮᠳᠠ ᠬᠡᠰᠡᠭ ᠤᠨ ᠶᠡᠬᠡᠩᠬᠢ ᠬᠡᠰᠡᠭ ᠪᠠ ᠵᠡᠭᠦᠨ ᠬᠡᠰᠡᠭ ᠤᠨ ᠡᠮᠦᠨᠡᠭᠦᠷᠬᠢ ᠭᠠᠵᠠᠷ ᠣᠷᠣᠨ ᠤ ᠠᠭᠠᠷ ᠤᠨ ᠳᠤᠯᠠᠭᠠᠨ 10~14℃ ᠳᠣᠷᠣᠭᠰᠢᠯᠠᠵᠤ᠂ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ 14℃ ᠠᠴᠠ ᠳᠡᠭᠡᠭᠰᠢ ᠳᠣᠷᠣᠭᠰᠢᠯᠠᠨ᠎ᠠ᠂ 30 ᠤ ᠡᠳᠦᠷ ᠤᠨ ᠥᠷᠯᠥᠭᠡ᠂ ᠮᠠᠨ ᠤ ᠣᠷᠣᠨ ᠤ ᠪᠠᠷᠠᠭᠤᠨ ᠬᠡᠰᠡᠭ ᠤᠨ ᠬᠤᠶᠢᠲᠤ ᠪᠡᠶ᠎ᠡ᠂ ᠳᠤᠮᠳᠠ ᠬᠡᠰᠡᠭ ᠤᠨ ᠶᠡᠬᠡᠩᠬᠢ ᠬᠡᠰᠡᠭ ᠪᠠ ᠵᠡᠭᠦᠨ ᠬᠡᠰᠡᠭ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠬᠠᠮᠤᠭ ᠳᠣᠣᠷ᠎ᠠ ᠠᠭᠠᠷ ᠤᠨ ᠳᠤᠯᠠᠭᠠᠨ 4℃ ᠠᠴᠠ ᠳᠣᠷᠣᠭᠰᠢ ᠪᠣᠯᠲᠠᠯ᠎ᠠ ᠳᠣᠷᠣᠭᠰᠢᠯᠠᠨ᠎ᠠ᠃      ᠣᠶᠤᠨᠲᠤ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠵᠢᠱᠢᠯᠲᠡ ᠪᠠᠷ᠂ ᠡᠷᠳᠡᠨᠢ ᠰᠢᠰᠢ ᠶᠢᠨ ᠬᠢᠷᠠᠭᠤ ᠤᠨᠠᠬᠤ ᠴᠠᠭ ᠠᠭᠤᠷ ᠤᠨ ᠲᠦᠭᠰᠢᠭᠦᠷᠢᠲᠦ ᠣᠷᠣᠨ ᠨᠢ 9 ᠰᠠᠷ᠎ᠠ ᠶᠢᠨ 29 ᠤ ᠡᠳᠦᠷ ᠭᠤᠣᠯᠳᠠᠭᠤ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠵᠢᠴᠢ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ ᠢᠶᠠᠷ ᠲᠠᠷᠬᠠᠵᠤ᠂ ᠬᠦᠨᠳᠦ ᠵᠡᠷᠭᠡ ᠶᠢᠨ ᠬᠢᠷᠠᠭᠤ ᠤᠨᠠᠬᠤ  ᠨᠢ ᠭᠤᠣᠯᠳᠠᠭᠤ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ ᠢᠶᠠᠷ ᠲᠥᠪᠯᠡᠷᠡᠵᠦ ᠪᠣᠶ︔ 9 ᠰᠠᠷ᠎ᠠ ᠶᠢᠨ 30 ᠤ ᠡᠳᠦᠷ ᠭᠤᠣᠯᠳᠠᠭᠤ ᠵᠡᠭᠦᠨ ᠬᠤᠶᠢᠲᠤ ᠬᠡᠰᠡᠭ᠂ ᠵᠡᠭᠦᠨ ᠡᠮᠦᠨᠡᠲᠦ ᠬᠡᠰᠡᠭ ᠤᠨ ᠪᠠᠷᠠᠭᠤᠨᠳᠡᠬᠢ ᠬᠡᠰᠡᠭ ᠭᠠᠵᠠᠷ ᠣᠷᠣᠨ᠂ ᠳᠤᠮᠳᠠ ᠬᠡᠰᠡᠭ ᠤᠨ ᠡᠮᠦᠨᠡᠭᠦᠷᠬᠢ ᠬᠡᠰᠡᠭ ᠭᠠᠵᠠᠷ ᠣᠷᠣᠨ ᠵᠢᠴᠢ ᠪᠠᠷᠠᠭᠤᠨ ᠬᠡᠰᠡᠭ ᠤᠨ ᠵᠡᠭᠦᠨᠲᠡᠢ ᠬᠡᠰᠡᠭ ᠭᠠᠵᠠᠷ ᠣᠷᠣᠨ ᠢᠶᠠᠷ ᠲᠠᠷᠬᠠᠵᠤ ᠪᠠᠶᠢᠨ᠎ᠠ᠃ ᠳᠤᠮᠳᠠ ᠪᠤᠶᠤ ᠬᠦᠨᠳᠦ ᠵᠡᠷᠭᠡ ᠶᠢᠨ ᠬᠢᠷᠠᠭᠤ ᠪᠠᠷ ᠭᠤᠣᠯᠯᠠᠵᠤ᠂ 10 ᠰᠠᠷ᠎ᠠ ᠶᠢᠨ 1 ᠤ ᠡᠳᠦᠷ ᠭᠤᠣᠯᠳᠠᠭᠤ ᠵᠡᠭᠦᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ᠂ ᠳᠤᠮᠳᠠ ᠬᠡᠰᠡᠭ ᠤᠨ ᠡᠮᠦᠨᠡᠭᠦᠷᠬᠢ ᠬᠡᠰᠡᠭ ᠭᠠᠵᠠᠷ ᠣᠷᠣᠨ ᠵᠢᠴᠢ ᠪᠠᠷᠠᠭᠤᠨ ᠬᠡᠰᠡᠭ ᠤᠨ ᠵᠡᠭᠦᠨᠲᠡᠢ ᠬᠡᠰᠡᠭ ᠭᠠᠵᠠᠷ ᠣᠷᠣᠨ ᠢᠶᠠᠷ ᠲᠠᠷᠬᠠᠵᠤ᠂ ᠬᠥᠩᠭᠡᠨ ᠪᠤᠶᠤ ᠳᠤᠮᠳᠠ ᠵᠡᠷᠭᠡ ᠶᠢᠨ ᠬᠢᠷᠠᠭᠤ ᠪᠠᠷ ᠭᠤᠣᠯᠯᠠᠵᠤ᠂ ᠬᠦᠨᠳᠦ ᠵᠡᠷᠭᠡ ᠶᠢᠨ ᠬᠢᠷᠠᠭᠤ ᠭᠤᠣᠯᠳᠠᠭᠤ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠤᠨ ᠬᠡᠰᠡᠭ ᠭᠠᠵᠠᠷ᠂ ᠬᠢᠩᠭᠠᠨ ᠠᠶᠢᠮᠠᠭ ᠤᠨ ᠬᠤᠶᠢᠲᠤ ᠬᠡᠰᠡᠭ ᠪᠠ ᠳᠤᠮᠳᠠ ᠬᠡᠰᠡᠭ ᠤᠨ ᠭᠠᠵᠠᠷ ᠣᠷᠣᠨ ᠢᠶᠠᠷ ᠲᠥᠪᠯᠡᠷᠡᠵᠦ ᠪᠣᠶ︔ 10 ᠰᠠᠷ᠎ᠠ ᠶᠢᠨ 2 ᠤᠨ ᠡᠳᠦᠷ ᠭᠤᠣᠯᠳᠠᠭᠤ ᠵᠡᠭᠦᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ ᠵᠢᠴᠢ ᠳᠤᠮᠳᠠ ᠬᠡᠰᠡᠭ ᠤᠨ ᠡᠮᠦᠨᠡᠭᠦᠷᠬᠢ ᠬᠡᠰᠡᠭ ᠭᠠᠵᠠᠷ ᠣᠷᠣᠨ ᠢᠶᠠᠷ ᠲᠠᠷᠬᠠᠵᠤ᠂ ᠬᠥᠩᠭᠡᠨ ᠪᠤᠶᠤ ᠳᠤᠮᠳᠠ ᠵᠡᠷᠭᠡ ᠶᠢᠨ ᠬᠢᠷᠠᠭᠤ ᠪᠠᠷ ᠭᠤᠣᠯᠯᠠᠵᠤ᠂ ᠬᠦᠨᠳᠦ ᠵᠡᠷᠭᠡ ᠶᠢᠨ ᠬᠢᠷᠠᠭᠤ ᠨᠢ ᠭᠤᠣᠯᠳᠠᠭᠤ ᠬᠢᠩᠭᠠᠨ ᠠᠶᠢᠮᠠᠭ ᠤᠨ ᠬᠤᠶᠢᠲᠤ ᠬᠡᠰᠡᠭ ᠤᠨ ᠭᠠᠵᠠᠷ ᠣᠷᠣᠨ ᠳᠤ ᠲᠥᠪᠯᠡᠷᠡᠵᠦ ᠪᠣᠶ ︵ᠳᠠᠭᠠᠯᠳᠤᠭᠤᠯᠤᠯ ᠵᠢᠷᠤᠭ︶᠃ ᠰᠢᠷ᠎ᠠ ᠪᠤᠷᠴᠠᠭ ᠤᠨ ᠬᠢᠷᠠᠭᠤ ᠤᠨᠠᠬᠤ ᠴᠠᠭ ᠠᠭᠤᠷ ᠤᠨ ᠲᠦᠭᠰᠢᠭᠦᠷᠢᠲᠦ ᠣᠷᠣᠨ ᠤ ᠲᠠᠯᠠᠪᠠᠶ ᠨᠢ 9 ᠰᠠᠷ᠎ᠠ ᠶᠢᠨ 29 ᠤ ᠡᠳᠦᠷ ᠨᠡᠯᠢᠶᠡᠳ ᠪᠠᠭ᠎ᠠ ᠪᠠᠶᠢᠵᠤ᠂ ᠭᠤᠣᠯᠳᠠᠭᠤ ᠬᠥᠯᠥᠨ ᠪᠤᠶᠢᠷ ᠬᠤᠲᠠ ᠶᠢᠨ ᠵᠡᠭᠦᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠳᠤ ᠲᠥᠪᠯᠡᠷᠡᠵᠦ᠂ ᠳᠤᠮᠳᠠ ᠪᠤᠶᠤ ᠬᠦᠨᠳᠦ ᠵᠡᠷᠭᠡ ᠶᠢᠨ ᠬᠢᠷᠠᠭᠤ ᠪᠠᠷ ᠭᠤᠣᠯᠯᠠᠨ᠎ᠠ︔ 9 ᠰᠠᠷ᠎ᠠ ᠶᠢᠨ 30 ᠤ ᠡᠳᠦᠷ ᠭᠤᠣᠯᠳᠠᠭᠤ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠵᠢᠴᠢ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠬᠡᠰᠡᠭ  ᠭᠠᠵᠠᠷ ᠣᠷᠣᠨ᠂ ᠳᠤᠮᠳᠠ ᠬᠡᠰᠡᠭ ᠤᠨ ᠡᠮᠦᠨᠡᠭᠦᠷᠬᠢ ᠬᠡᠰᠡᠭ ᠭᠠᠵᠠᠷ ᠣᠷᠣᠨ ᠢᠶᠠᠷ ᠲᠠᠷᠬᠠᠵᠤ᠂ ᠬᠦᠨᠳᠦ ᠵᠡᠷᠭᠡ ᠶᠢᠨ ᠬᠢᠷᠠᠭᠤ ᠪᠠᠷ ᠭᠤᠣᠯᠯᠠᠨ᠎ᠠ︔ 10 ᠰᠠᠷ᠎ᠠ ᠶᠢᠨ 1 ᠤ ᠡᠳᠦᠷ ᠭᠤᠣᠯᠳᠠᠭᠤ ᠵᠡᠭᠦᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠵᠢᠴᠢ ᠳᠤᠮᠳᠠ ᠬᠡᠰᠡᠭ ᠤᠨ ᠡᠮᠦᠨᠡᠭᠦᠷᠬᠢ ᠬᠡᠰᠡᠭ ᠭᠠᠵᠠᠷ ᠣᠷᠣᠨ ᠢᠶᠠᠷ ᠲᠠᠷᠬᠠᠵᠤ᠂ ᠳᠤᠮᠳᠠ ᠪᠤᠶᠤ ᠬᠦᠨᠳᠦ ᠵᠡᠷᠭᠡ ᠶᠢᠨ ᠬᠢᠷᠠᠭᠤ  ᠪᠠᠷ ᠭᠤᠣᠯᠯᠠᠨ᠎ᠠ︔10 ᠰᠠᠷ᠎ᠠ ᠶᠢᠨ 2 ᠤᠨ ᠡᠳᠦᠷ ᠭᠤᠣᠯᠳᠠᠭᠤ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠤᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠪᠠᠷᠠᠭᠤᠨ ᠬᠡᠰᠡᠭ ᠪᠠ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠵᠢᠴᠢ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠢᠶᠠᠷ ᠲᠠᠷᠬᠠᠵᠤ᠂ ᠳᠤᠮᠳᠠ ᠪᠤᠶᠤ ᠬᠦᠨᠳᠦ ᠵᠡᠷᠭᠡ ᠶᠢᠨ ᠬᠢᠷᠠᠭᠤ ᠪᠠᠷ ᠭᠤᠣᠯᠯᠠᠨ᠎ᠠ ︵ᠳᠠᠭᠠᠯᠳᠤᠭᠤᠯᠤᠯ ᠵᠢᠷᠤᠭ︶᠃ ᠬᠢᠷᠠᠭᠤ ᠤᠨᠠᠬᠤ ᠶᠢᠨ ᠭᠠᠮᠰᠢᠭ ᠨᠢ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠣᠷᠣᠢ ᠪᠣᠯᠪᠠᠰᠤᠷᠠᠬᠤ ᠡᠷᠳᠡᠨᠢ ᠰᠢᠰᠢ᠂ ᠰᠢᠷ᠎ᠠ ᠪᠤᠷᠴᠠᠭ ᠤᠨ ᠪᠣᠯᠪᠠᠰᠤᠷᠠᠬᠤ ᠬᠤᠷᠢᠶᠠᠯᠲᠠ ᠳᠤ ᠠᠰᠢᠭ ᠦᠭᠡᠢ ᠨᠥᠯᠥᠭᠡ ᠦᠵᠡᠭᠦᠯᠬᠦ ᠪᠣᠯᠣᠨ᠎ᠠ᠃      ᠰᠡᠷᠭᠡᠶᠢᠯᠡᠬᠦ ᠠᠷᠭ᠎ᠠ ᠪᠣᠳᠣᠯᠭ᠎ᠠ᠄      ᠣᠷᠣᠢ ᠪᠣᠯᠪᠠᠰᠤᠷᠠᠬᠤ ᠬᠡᠰᠡᠭ ᠡᠭᠦᠯᠳᠡᠷ ᠨᠢ ᠬᠢᠷᠠᠭᠤ ᠶᠢᠨ ᠨᠥᠯᠥᠭᠡ ᠶᠢ ᠭᠥᠷᠳᠡᠵᠦ ᠮᠡᠳᠡᠨ᠎ᠡ᠂ ᠡᠯ᠎ᠡ ᠭᠠᠵᠠᠷ ᠤᠨ ᠬᠢᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠢᠷᠠᠭᠤ ᠤᠨᠠᠬᠤ ᠠᠴᠠ ᠡᠮᠦᠨ᠎ᠡ ᠨᠠᠪᠴᠢᠨ ᠤ ᠨᠢᠭᠤᠷ ᠲᠤᠨᠢ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ᠂ ᠤᠷᠭᠤᠮᠠᠯ ᠤᠨ ᠰᠢᠩᠭᠡᠨ ᠪᠡᠶᠡᠲᠦ ᠶᠢᠨ ᠪᠦᠷᠬᠦᠭᠦᠯ᠂ ᠡᠭᠦᠯᠡᠨ ᠬᠥᠪᠳᠥ ᠶᠢᠨ ᠡᠳ᠋ ᠤᠨ ᠳᠣᠲᠣᠭᠠᠳᠤ ᠡᠰᠲ᠋ᠧᠷ ᠵᠡᠷᠭᠡ ᠶᠢ ᠴᠠᠭ ᠲᠤᠬᠠᠢ ᠳᠤᠨᠢ ᠰᠦᠷᠴᠢᠨ ᠣᠷᠣᠭᠤᠯᠬᠤ ᠶᠢ ᠰᠠᠨᠠᠭᠤᠯᠵᠤ ᠪᠠᠶᠢᠨ᠎ᠠ︔ ᠬᠢᠷᠠᠭᠤ ᠤᠨᠠᠬᠤ ᠦᠶ᠎ᠡ ᠳᠤ᠂ ᠭᠠᠵᠠᠷ ᠳᠡᠭᠡᠷᠡᠬᠢ ᠰᠠᠯᠬᠢᠨ ᠤ ᠠᠮᠠᠰᠠᠷ ᠲᠤ ᠡᠰᠢ ᠰᠦᠷᠡᠯ᠂ ᠮᠣᠳᠣᠨ ᠨᠠᠪᠴᠢ᠂ ᠡᠯᠳᠡᠪ ᠡᠪᠡᠰᠦ ᠵᠡᠷᠭᠡ ᠪᠠᠷ ᠲᠦᠯᠡᠰᠢ ᠪᠣᠯᠭᠠᠨ ᠤᠲᠤᠭ᠎ᠠ ᠭᠠᠷᠭᠠᠵᠤ ᠬᠢᠷᠠᠭᠤ ᠶᠢ ᠰᠡᠷᠭᠡᠶᠢᠯᠡᠵᠦ᠂ ᠭᠠᠵᠠᠷ ᠠᠴᠠ ᠣᠶᠢᠷ᠎ᠠ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ︔ ᠰᠦᠷᠴᠢᠨ ᠤᠰᠤᠯᠠᠬᠤ ᠨᠥᠬᠦᠴᠡᠯ ᠲᠠᠢ ᠪᠣᠯ ᠴᠠᠭ ᠲᠤᠬᠠᠢ ᠳᠤᠨᠢ ᠤᠰᠤ ᠰᠦᠷᠴᠢᠵᠦ ᠬᠥᠯᠳᠡᠬᠦ ᠠᠴᠠ ᠰᠡᠷᠭᠡᠶᠢᠯᠡᠨ᠂ ᠬᠢᠷᠠᠭᠤ ᠬᠥᠯᠳᠡᠬᠦ ᠶᠢᠨ ᠬᠥᠨᠥᠭᠡᠯ ᠢ ᠪᠠᠭᠠᠰᠬᠠᠬᠤ ᠬᠡᠷᠡᠭᠲᠡᠢ᠃ ᠡᠷᠳᠡᠨᠢ ᠰᠢᠰᠢ᠂ ᠰᠢᠷ᠎ᠠ ᠪᠤᠷᠴᠠᠭ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠢᠴᠢ ᠨᠠᠪᠴᠢᠨ ᠤ ᠨᠢᠭᠤᠷ ᠤᠨ ᠪᠣᠷᠳᠣᠭᠤᠷ᠂ ᠤᠰᠤᠨ ᠳᠤ ᠠᠭᠤᠰᠬᠤ ᠪᠣᠷᠳᠣᠭᠤᠷ ᠵᠡᠷᠭᠡ ᠶᠢ ᠰᠦᠷᠴᠢᠨ ᠣᠷᠣᠭᠤᠯᠵᠤ᠂ ᠢᠳᠡᠭᠡᠰᠢᠵᠦ ᠪᠣᠯᠪᠠᠰᠤᠷᠠᠬᠤ ᠶᠢ ᠠᠬᠢᠭᠤᠯᠤᠨ᠂ ᠮᠥᠬᠦᠯᠢᠭ ᠤᠨ ᠬᠦᠨᠳᠦᠴᠡ ᠶᠢ ᠨᠡᠮᠡᠭᠳᠡᠭᠦᠯᠵᠦ᠂ ᠬᠢᠷᠠᠭᠤ ᠤᠨᠠᠬᠤ ᠴᠠᠭ ᠠᠭᠤᠷ ᠤᠨ ᠠᠰᠢᠭ ᠦᠭᠡᠢ ᠨᠥᠯᠥᠭᠡ ᠶᠢ ᠪᠠᠭᠤᠷᠠᠭᠤᠯᠤᠨ᠎ᠠ᠃ 
1.png
 
2.png
 
3.png
 
4.png
 
5.png
 
6.png
 
7.png
 
8.png
       ᠳᠠᠭᠠᠯᠳᠤᠭᠤᠯᠤᠯ ᠵᠢᠷᠤᠭ    9 ᠰᠠᠷ᠎ᠠ ᠶᠢᠨ 29 ᠤ ᠡᠳᠦᠷ ᠠᠴᠠ 10 ᠰᠠᠷ᠎ᠠ ᠶᠢᠨ 2 ᠤᠨ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠡᠷᠳᠡᠨᠢ ᠰᠢᠰᠢ ︵ᠳᠡᠭᠡᠳᠦ︶ ᠪᠣᠯᠣᠨ ᠰᠢᠷ᠎ᠠ ᠪᠤᠷᠴᠠᠭ ︵ᠳᠣᠣᠷᠠᠳᠤ︶ ᠤᠨ ᠬᠢᠷᠠᠭᠤ ᠤᠨᠠᠬᠤ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠮᠡᠳᠡᠭᠡᠯᠡᠬᠦ ᠲᠠᠷᠬᠠᠯᠲᠠ ᠶᠢᠨ ᠵᠢᠷᠤᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 9 ᠰᠠᠷ᠎ᠠ ᠶᠢᠨ 25 ᠤ ᠡᠳᠦᠷ ᠤᠨ 18 ᠴᠠᠭ 00 ᠮᠢᠨᠦ᠋ᠲ ᠲᠤ ᠬᠠᠮᠲᠤᠷᠠᠨ ᠲᠥᠬᠦᠭᠡᠷᠤᠮᠵᠢᠲᠦ ᠲᠠᠷᠢᠶᠠᠯᠠᠩ ᠤᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      9 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠮᠠᠨ ᠤ ᠣᠷᠣᠨ ᠳᠤ ᠨᠢᠭᠡ ᠤᠳᠠᠭᠠᠨ ᠤ ᠨᠡᠯᠢᠶᠡᠳ ᠴᠢᠩᠭ᠎ᠠ ᠬᠦᠢᠲᠡᠨ ᠠᠭᠤᠷ ᠠᠮᠢᠰᠬᠤᠯ ᠤᠨ ᠴᠠᠭ ᠠᠭᠤᠷ ᠢᠯᠡᠷᠡᠨ᠎ᠡ᠂ ᠲᠣᠰ ᠤᠳᠠᠭᠠᠨ ᠤ ᠶᠠᠪᠤᠴᠠ ᠳᠤ ᠶᠡᠭᠡ ᠬᠡᠪᠴᠢᠶᠡᠨ ᠤ ᠬᠦᠢᠲᠡᠨ ᠤᠷᠤᠰᠬᠠᠯ᠂ ᠶᠡᠭᠡ ᠰᠠᠯᠬᠢ᠂ ᠬᠤᠷ᠎ᠠ ᠲᠤᠨᠳᠠᠰᠤ ᠲᠠᠢ ᠴᠠᠭ ᠠᠭᠤᠷ ᠢᠶᠠᠷ ᠭᠤᠣᠯᠯᠠᠭᠤᠯᠵᠤ᠂ ᠵᠡᠭᠦᠨ ᠬᠤᠶᠢᠲᠤ ᠬᠡᠰᠡᠭ ᠤᠨ ᠭᠠᠵᠠᠷ ᠣᠷᠣᠨ ᠳᠤ ᠪᠣᠷᠣᠭᠠᠨ ᠠᠴᠠ ᠪᠣᠷᠣᠭᠠᠨ ᠴᠠᠰᠤ ᠬᠤᠯᠢᠯᠳᠤᠨ ᠣᠷᠣᠵᠤ᠂ ᠪᠥᠬᠦ ᠣᠷᠣᠨ ᠤ ᠶᠡᠬᠡᠩᠬᠢ ᠭᠠᠵᠠᠷ ᠤᠨ ᠬᠤᠷ᠎ᠠ ᠲᠤᠨᠳᠠᠰᠤ ᠶᠢᠨ ᠬᠡᠮᠵᠢᠶ᠎ᠡ ᠨᠡᠶᠢᠲᠡ 0.1~24.9 ᠮᠢᠯᠢᠮᠧᠲᠷ ᠬᠦᠷᠦᠨ᠎ᠡ︔ ᠪᠥᠬᠦ ᠣᠷᠣᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ 6 ᠠᠴᠠ 8℃ ᠳᠣᠷᠣᠭᠰᠢᠯᠠᠵᠤ᠂ ᠪᠠᠷᠠᠭᠤᠨ ᠬᠡᠰᠡᠭ ᠤᠨ ᠶᠡᠬᠡᠩᠬᠢ ᠭᠠᠵᠠᠷ ᠪᠠ ᠵᠡᠭᠦᠨ ᠬᠡᠰᠡᠭ ᠤᠨ ᠡᠮᠦᠨᠡᠰᠢ ᠪᠠᠨ ᠪᠠᠶᠢᠭ᠎ᠠ ᠭᠠᠵᠠᠷ ᠣᠷᠣᠨ ᠤ ᠠᠭᠠᠷ ᠤᠨ ᠳᠤᠯᠠᠭᠠᠨ 8 ᠠᠴᠠ 12℃  ᠳᠣᠷᠣᠭᠰᠢᠯᠠᠨ᠎ᠠ︔ ᠪᠠᠷᠠᠭᠤᠨ ᠬᠡᠰᠡᠭ ᠤᠨ ᠵᠡᠭᠦᠨ ᠪᠡᠶ᠎ᠡ᠂ ᠳᠤᠮᠳᠠ ᠬᠡᠰᠡᠭ ᠤᠨ ᠶᠡᠬᠡᠩᠬᠢ ᠬᠡᠰᠡᠭ ᠪᠠ ᠵᠡᠭᠦᠨ ᠡᠮᠦᠨᠡᠲᠦ ᠬᠡᠰᠡᠭ ᠤᠨ ᠠᠭᠠᠷ ᠤᠨ ᠳᠤᠯᠠᠭᠠᠨ 10 ᠠᠴᠠ 14℃ ᠳᠣᠷᠣᠭᠰᠢᠯᠠᠵᠤ᠂ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ 14℃ ᠠᠴᠠ ᠳᠡᠭᠡᠭᠰᠢ ᠳᠣᠷᠣᠭᠰᠢᠯᠠᠨ᠎ᠠ︔ ᠪᠥᠬᠦ ᠣᠷᠣᠨ ᠤ ᠶᠡᠬᠡᠩᠬᠢ ᠭᠠᠵᠠᠷ ᠲᠤ 4᠂ 5 ᠲᠠᠰ ᠤᠨ ᠣᠬᠤᠷ ᠴᠠᠭ ᠲᠤ 6᠂ 7 ᠲᠠᠰ ᠤᠨ ᠪᠠᠷᠠᠭᠤᠨ ᠬᠤᠶᠢᠲᠤ ᠶᠢᠨ ᠰᠠᠯᠬᠢ ᠰᠠᠯᠬᠢᠯᠠᠵᠤ᠂ ᠳᠤᠮᠳᠠ ᠪᠠ ᠪᠠᠷᠠᠭᠤᠨ ᠬᠡᠰᠡᠭ ᠤᠨ ᠶᠡᠬᠡᠩᠬᠢ ᠭᠠᠵᠠᠷ ᠣᠷᠣᠨ ᠳᠤ ᠰᠠᠯᠬᠢᠨ ᠤ ᠬᠡᠮᠵᠢᠶ᠎ᠡ 8᠂ 9 ᠲᠠᠰ ᠲᠤ ᠬᠦᠷᠴᠦ᠂ ᠬᠡᠰᠡᠭ ᠭᠠᠵᠠᠷ ᠲᠤ 10 ᠲᠠᠰ ᠠᠴᠠ ᠳᠡᠭᠡᠭᠰᠢ ᠪᠣᠯᠣᠨ᠎ᠠ᠃      ᠣᠶᠤᠨᠲᠤ ᠰᠦᠯᠵᠢᠶ᠎ᠡ ᠶᠢᠨ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠲᠥᠬᠦᠭᠡᠷᠤᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠤ ᠭᠠᠮᠰᠢᠭ᠂ ᠰᠠᠯᠬᠢᠨ ᠤ ᠭᠠᠮᠰᠢᠭ ᠵᠢᠴᠢ ᠴᠠᠰᠤᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠤᠨ᠂ 9 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠵᠢᠴᠢ ᠳᠤᠮᠳᠠ ᠪᠠᠷᠠᠭᠤᠨ ᠬᠡᠰᠡᠭ ᠤᠨ ᠡᠮᠦᠨᠡᠭᠦᠷᠬᠢ ᠶᠡᠬᠡᠩᠬᠢ ᠭᠠᠵᠠᠷ ᠣᠷᠣᠨ ᠢ ᠲᠥᠬᠦᠭᠡᠷᠤᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠤ ᠭᠠᠮᠰᠢᠭ ᠤᠨ ᠳᠤᠮᠳᠠ ᠵᠡᠷᠭᠡ ᠶᠢᠨ ᠲᠦᠭᠰᠢᠭᠦᠷᠢᠲᠡᠢ ᠪᠤᠶᠤ ᠶᠡᠭᠡ ᠲᠦᠭᠰᠢᠭᠦᠷᠢᠲᠡᠢ ᠭᠠᠵᠠᠷ ᠣᠷᠣᠨ ᠪᠣᠯᠣᠨ᠎ᠠ᠂ ᠡᠭᠦᠨ ᠳᠤ ᠲᠦᠩᠯᠢᠶᠣᠣ ᠬᠤᠲᠠ ᠶᠢᠨ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ ᠢ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 1︶᠃ ᠬᠦᠢᠲᠡᠨ ᠤ ᠭᠠᠮᠰᠢᠭ ᠨᠢ ᠲᠠᠷᠢᠮᠠᠯ ᠤᠨ ᠤᠷᠭᠤᠯᠲᠠ ᠶᠢ ᠤᠳᠠᠭᠠᠰᠢᠷᠠᠭᠤᠯᠬᠤ ᠪᠤᠶᠤ ᠬᠥᠯᠳᠡᠭᠡᠨ᠎ᠡ᠃ 9 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠳᠤᠮᠳᠠ ᠪᠠᠷᠠᠭᠤᠨ ᠬᠡᠰᠡᠭ ᠤᠨ ᠡᠮᠦᠨᠡᠭᠦᠷᠬᠢ ᠬᠡᠰᠡᠭ ᠭᠠᠵᠠᠷ ᠣᠷᠣᠨ ᠪᠣᠯ ᠲᠥᠬᠦᠭᠡᠷᠤᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠢᠶᠠᠷ ᠳᠣᠣᠷ᠎ᠠ ᠪᠤᠶᠤ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ᠂ ᠡᠭᠦᠨ ᠳᠤ᠂ ᠪᠠᠶᠠᠨᠨᠠᠭᠤᠷ ᠤᠨ ᠵᠡᠭᠦᠨ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ ᠪᠣᠯ ᠲᠥᠬᠦᠭᠡᠷᠤᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠶᠡᠭᠡ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 2︶᠃ ᠰᠠᠯᠬᠢᠨ ᠤ ᠭᠠᠮᠰᠢᠭ ᠠᠴᠠ ᠪᠣᠯᠵᠤ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠨ᠎ᠡ᠃      ᠰᠡᠷᠭᠡᠶᠢᠯᠡᠬᠦ ᠠᠷᠭ᠎ᠠ ᠪᠣᠳᠣᠯᠭ᠎ᠠ᠄ ᠨᠢᠭᠡᠨᠲᠡ ᠬᠤᠷᠢᠶᠠᠭᠰᠠᠨ ᠲᠠᠷᠢᠮᠠᠯ ᠢ ᠴᠠᠭ ᠲᠤᠬᠠᠢ ᠳᠤᠨᠢ ᠪᠦᠲᠡᠭᠡᠬᠦ ᠪᠠ ᠬᠥᠮᠥᠷᠭᠡ ᠳᠤ ᠣᠷᠣᠭᠤᠯᠵᠤ᠂ ᠰᠠᠯᠬᠢ ᠨᠡᠪᠲᠡᠷᠡᠬᠦ ᠶᠢ ᠠᠩᠬᠠᠷᠴᠤ᠂ ᠪᠣᠷᠣᠭᠠᠨ ᠴᠠᠰᠤ ᠲᠠᠢ ᠴᠠᠭ ᠠᠭᠤᠷ ᠤᠨ ᠠᠰᠢᠭ ᠦᠭᠡᠢ ᠨᠥᠯᠥᠭᠡ ᠶᠢ ᠪᠠᠭᠠᠰᠬᠠᠬᠤ ᠬᠡᠷᠡᠭᠲᠡᠢ᠃ ᠲᠠᠷᠢᠶᠠᠨ ᠭᠠᠵᠠᠷ ᠤᠨ ᠲᠥᠬᠦᠭᠡᠷᠤᠮᠵᠢᠲᠦ ᠲᠠᠷᠢᠮᠠᠯ ᠤᠨ ᠦᠢᠯᠡᠳᠪᠦᠷᠢᠯᠡᠯ ᠤᠨ ᠬᠥᠯᠳᠡᠬᠦ ᠠᠴᠠ ᠰᠡᠷᠭᠡᠶᠢᠯᠡᠬᠦ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠪᠦᠷᠬᠦᠪᠴᠢ ᠶᠢ ᠪᠠᠶᠢᠴᠠᠭᠠᠵᠤ᠂ ᠳᠤᠯᠠᠭᠠᠨ ᠬᠠᠳᠠᠭᠠᠯᠠᠬᠤ ᠪᠦᠲᠡᠭᠡᠯᠭᠡ ︵ᠬᠥᠰᠢᠭᠡ︶ ᠶᠢ ᠴᠠᠭ ᠲᠤᠬᠠᠢ ᠳᠤᠨᠢ ᠰᠡᠯᠪᠢᠨ ᠵᠠᠰᠠᠵᠤ᠂ ᠪᠦᠷᠬᠦᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠪᠦᠷᠬᠦᠪᠴᠢ ᠶᠢᠨ ᠤᠲᠠᠰᠤ ᠶᠢ ᠪᠠᠬᠢᠯᠡᠨ᠂ ᠳᠤᠯᠠᠭᠠᠨ ᠬᠠᠳᠠᠭᠠᠯᠠᠬᠤ ᠪᠦᠲᠡᠭᠡᠯᠭᠡ ︵ᠬᠥᠰᠢᠭᠡ︶ ᠶᠢ ᠳᠠᠷᠤᠵᠤ᠂ ᠪᠦᠷᠬᠦᠪᠴᠢ ᠶᠢᠨ ᠲᠠᠰᠤᠭ ᠤᠨ ᠬᠦᠢᠲᠡᠨ ᠢ ᠳᠠᠭᠠᠭᠠᠬᠤ ᠳᠠᠷᠤᠯᠲᠠ ᠶᠢ ᠳᠠᠭᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠭᠡᠷ ᠤᠨ ᠳᠤᠯᠠᠭᠠᠨ ᠬᠡᠲᠦ ᠳᠣᠣᠷ᠎ᠠ ᠪᠠᠶᠢᠪᠠᠯ᠂ ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ᠂ ᠲᠦᠷ ᠴᠠᠭ ᠳᠤᠯᠠᠭᠠᠯᠠᠬᠤ ᠲᠥᠬᠦᠭᠡᠷᠦᠮᠵᠢ ᠵᠡᠷᠭᠡ ᠳᠤᠯᠠᠭᠠᠨ ᠢ ᠨᠡᠮᠡᠭᠳᠡᠭᠦᠯᠬᠦ ᠠᠷᠭ᠎ᠠ ᠬᠡᠮᠵᠢᠶ᠎ᠡ ᠪᠠᠷ ᠬᠥᠯᠳᠡᠭᠡᠬᠦ ᠭᠠᠮᠰᠢᠭ ᠡᠭᠦᠰᠬᠦ ᠠᠴᠠ ᠵᠠᠶᠢᠯᠠᠰᠬᠢᠨ᠎ᠡ᠃ ᠰᠠᠯᠬᠢ ᠨᠡᠪᠲᠡᠷᠡᠬᠦ ᠠᠮᠠᠰᠠᠷ ᠢ ᠤᠷᠢᠳᠴᠢᠯᠠᠨ ᠬᠠᠭᠠᠵᠤ᠂ ᠬᠦᠯᠡᠮᠵᠢ ᠶᠢᠨ ᠡᠷᠬᠢᠨ ᠲᠣᠭᠤᠷᠢᠨ ᠤ ᠠᠮᠠᠷᠬᠠᠨ ᠬᠥᠪᠬᠦ ᠪᠣᠳᠠᠰ ᠢ ᠲᠣᠭᠲᠠᠪᠤᠷᠢᠵᠢᠭᠤᠯᠵᠤ᠂ ᠬᠦᠯᠡᠮᠵᠢ ᠶᠢᠨ ᠪᠦᠷᠬᠦᠪᠴᠢ ᠶᠢᠨ ᠡᠪᠳᠡᠷᠡᠬᠦ ᠶᠢ ᠰᠡᠷᠭᠡᠶᠢᠯᠡᠵᠦ᠂ ᠬᠥᠯᠳᠡᠬᠦ ᠠᠴᠠ ᠰᠡᠷᠭᠡᠶᠢᠯᠡᠵᠦ᠂ ᠶᠡᠭᠡ ᠰᠠᠯᠬᠢ ᠥᠩᠭᠡᠷᠡᠭᠰᠡᠨ ᠤ ᠲᠠᠷᠠᠭ᠎ᠠ ᠬᠦᠯᠡᠮᠵᠢ ᠶᠢᠨ ᠬᠤᠭ ᠲᠣᠭᠤᠰᠣ ᠶᠢ ᠴᠠᠭ ᠲᠤᠬᠠᠢ ᠳᠤᠨᠢ ᠴᠡᠪᠡᠷᠯᠡᠵᠦ᠂ ᠬᠦᠯᠡᠮᠵᠢ ᠶᠢᠨ ᠭᠡᠷᠡᠯ ᠨᠡᠪᠲᠡᠷᠡᠬᠦ ᠴᠢᠨᠠᠷ ᠢ ᠰᠠᠶᠢᠵᠢᠷᠠᠭᠤᠯᠬᠤ ᠶᠢ ᠰᠠᠨᠠᠭᠤᠯᠤᠶ᠎ᠠ᠃ ᠬᠦᠯᠡᠮᠵᠢ ᠶᠢᠨ ᠳᠣᠲᠣᠷᠠᠬᠢ ᠲᠠᠷᠢᠮᠠᠯ ᠤᠨ ᠬᠤᠷᠢᠶᠠᠬᠤ ᠵᠣᠬᠢᠰᠲᠠᠢ ᠶᠢ ᠨᠢ ᠭᠦᠢᠴᠡᠳ ᠬᠤᠷᠢᠶᠠᠬᠤ ᠶᠢᠨ ᠬᠠᠮᠲᠤ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠰᠠᠯᠠᠭᠠᠯᠠᠬᠤ ᠶᠢ ᠪᠠᠭᠠᠰᠬᠠᠵᠤ᠂ ᠬᠥᠯᠳᠡᠬᠦ ᠠᠶᠤᠯ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠵᠣᠬᠢᠬᠤ ᠬᠡᠮᠵᠢᠶ᠎ᠡ ᠪᠠᠷ ᠰᠦᠷᠴᠢᠨ ᠣᠷᠣᠭᠤᠯᠵᠤ᠂ ᠳᠣᠣᠷ᠎ᠠ ᠳᠤᠯᠠᠭᠠᠨ ᠶᠡᠭᠡ ᠰᠠᠯᠬᠢᠨ ᠤ ᠲᠥᠬᠦᠭᠡᠷᠤᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠡᠷᠭᠡᠶᠢᠯᠡᠨ᠎ᠡ᠃ ᠲᠡᠵᠢᠭᠡᠨ ᠦᠷᠡᠵᠢᠭᠦᠯᠬᠦ ᠡᠷᠦᠬᠡ ᠨᠢ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ᠂ ᠲᠤᠶᠢᠯ ᠤᠨ ᠴᠠᠭ ᠠᠭᠤᠷ ᠠᠴᠠ ᠪᠣᠯᠤᠭᠰᠠᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠬᠠᠩᠭᠠᠬᠤ ᠪᠠ ᠵᠥᠭᠡᠭᠡᠪᠦᠷᠢᠯᠡᠬᠦ ᠳᠤ ᠬᠦᠴᠢᠷᠳᠡᠬᠦ ᠠᠴᠠ ᠰᠡᠷᠭᠡᠶᠢᠯᠡᠬᠦ ᠬᠡᠷᠡᠭᠲᠡᠢ᠃
9.png
      ᠵᠢᠷᠤᠭ 1    9 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠬᠥᠨᠥᠭᠡᠯ ᠤᠨ ᠲᠦᠭᠰᠢᠭᠦᠷᠢ ᠶᠢ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
10.png
      ᠵᠢᠷᠤᠭ 2   9 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号