9 ᠰᠠᠷ᠎ᠠ ᠶᠢᠨ 24 ᠤ ᠡᠳᠦᠷ᠂ 2024 ᠣᠨ ᠤ ᠪᠠᠶᠠᠨᠨᠠᠭᠤᠷ ᠤᠨ ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠵᠢᠴᠢ ᠯᠢᠨ ᠾᠧ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠰᠣᠶᠣᠯ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠮᠥᠷᠥᠶᠢᠴᠡᠭᠡᠨ ᠯᠢᠨ ᠾᠧ | ᠲᠣᠭᠤᠷᠢᠭ ᠤᠨ ᠬᠠᠲᠤᠨ ᠭᠤᠣᠯ ᠤᠨ ᠪᠤᠯᠤᠩ ᠤᠨ ᠶᠠᠪᠠᠭᠠᠨ ᠵᠡᠭᠡᠯᠢ ᠳᠤ ᠶᠠᠪᠤᠭᠳᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠯ᠎ᠡ ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ | ᠦᠵᠡᠭᠦᠯᠭᠡ ᠶᠢᠨ ᠲᠠᠶᠢᠰᠠᠨ ᠳᠤ ᠳᠦᠭᠦᠷᠴᠦ᠂ ᠡᠯ᠎ᠡ ᠰᠢᠶᠠᠩ ᠪᠠᠯᠭᠠᠰᠤ ︵ᠲᠠᠷᠢᠶᠠᠯᠠᠩ ᠤᠨ ᠲᠠᠯᠠᠪᠠᠢ︶ ᠶᠢᠨ ᠤᠳᠤ | ᠦᠶ᠎ᠡ ᠶᠢᠨ ᠲᠠᠷᠢᠶᠠᠯᠠᠩ ᠤᠨ ᠬᠥᠭᠵᠢᠯᠲᠡ ᠪᠠ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠭᠠᠳ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ | ᠦᠵᠡᠰᠬᠦᠯᠡᠩ ᠢ ᠰᠣᠨᠢᠷᠬᠠᠬᠤ ᠪᠠᠷ ᠢᠷᠡᠭᠰᠡᠨ ᠬᠤᠲᠠ ᠶᠢᠨ ᠠᠷᠠᠳ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ | ᠡᠳ᠋ᠯᠡᠭᠦᠯᠵᠡᠢ᠃ | ᠲᠤᠬᠠᠢ ᠶᠢᠨ ᠡᠳᠦᠷ᠂ ᠯᠢᠨ ᠾᠧ ᠲᠣᠭᠤᠷᠢᠭ ᠤᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ 50 ᠨᠡᠷᠡᠰ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠤᠷᠤᠯᠳᠤᠭᠠᠨ ᠤ ᠲᠠᠶᠢᠰᠠᠨ ᠳᠤ ᠭᠠᠷᠴᠤ᠂ ︽PPT ᠦᠵᠡᠭᠦᠯᠭᠡ | + ᠲᠤᠬᠠᠢ ᠶᠢᠨ ᠲᠠᠯᠠᠪᠤᠷ ᠲᠤ ᠶᠠᠷᠢᠶ᠎ᠠ ᠲᠠᠯᠪᠢᠬᠤ︾ ᠬᠡᠯᠪᠡᠷᠢ ᠪᠠᠷ ᠳᠠᠮᠵᠢᠭᠤᠯᠤᠨ᠂ ᠰᠡᠳᠬᠢᠮᠵᠢ ᠪᠠᠨ ᠳᠡᠯᠭᠡᠨ᠂ ᠠᠷᠭ᠎ᠠ | ᠬᠡᠮᠵᠢᠶ᠎ᠡ ᠪᠠᠨ ᠶᠠᠷᠢᠯᠴᠠᠵᠤ᠂ ᠪᠣᠳᠠᠲᠤ ᠪᠦᠲᠦᠮᠵᠢ ᠪᠠᠨ ᠨᠡᠶᠢᠲᠡᠯᠡᠵᠦ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ | ᠡᠷᠢᠯᠬᠢᠯᠡᠭᠰᠡᠨ ᠪᠠᠶᠢᠨ᠎ᠠ᠃ ᠲᠡᠳᠡ ᠲᠤᠭ᠎ᠠ ᠪᠠᠷᠢᠮᠲᠠ ᠶᠢᠨ ᠰᠢᠭᠤᠳ ᠦᠵᠡᠭᠦᠯᠭᠡ᠂ ᠠᠮᠢᠳᠤᠯᠢᠭ ᠦᠯᠢᠭᠡᠷ ᠪᠠ ᠰᠢᠨ᠎ᠡ | ᠰᠣᠷᠭᠤᠭ ᠬᠡᠷᠡᠭ ᠤᠨ ᠵᠢᠱᠢᠶ᠎ᠡ ᠪᠠᠷ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠬᠢᠯᠠᠰ ᠴᠡᠭ ᠵᠢᠴᠢ ᠰᠢᠨ᠎ᠡ | ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠲᠡᠷᠢᠭᠦᠨ ᠤ | ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠢᠯᠡᠷᠡᠭᠦᠯᠵᠡᠢ᠃ | ᠲᠤᠰ ᠤᠳᠠᠭ᠎ᠠ ᠶᠢᠨ ᠠᠵᠢᠯᠯᠠᠭ᠎ᠠ ᠨᠢ ︽ᠮᠢᠩᠭᠠᠨ ᠲᠦᠮᠡᠨ ᠢᠨᠵᠧᠨᠧᠷᠢᠩ︾ ᠢ ᠰᠤᠷᠴᠤ ᠬᠡᠷᠡᠭᠯᠡᠭᠡᠳ | ᠤᠯᠤᠭᠰᠠᠨ ᠡᠯᠪᠡᠭ ᠬᠤᠷᠢᠶᠠᠯᠲᠠ ᠪᠠᠷ ᠢᠶᠠᠨ ᠡᠬᠡ ᠤᠯᠤᠰ ᠢᠶᠠᠨ ᠮᠠᠭᠲᠠᠨ ᠳᠠᠭᠤᠯᠠᠬᠤ ᠪᠠᠷ ᠭᠤᠣᠯ ᠰᠡᠳᠦᠪ ᠪᠣᠯᠭᠠᠵᠤ᠂ | ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠯᠢᠨ ᠾᠧ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠪᠡ᠃ | |