ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠡᠷᠡᠭ ᠤᠨ ᠵᠢᠱᠢᠶ᠎ᠡ ᠬᠤᠶᠠᠳᠤᠭᠠᠷ ᠬᠤᠭᠤᠴᠠᠭᠠᠨ ᠤ ᠬᠠᠤᠯᠢᠵᠢᠯ ᠤᠨ ᠴᠠᠭ ᠦᠶ᠎ᠡ ᠶᠢᠨ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠤᠨ 2024 ᠣᠨ ᠤ ᠬᠠᠤᠯᠢᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/9/26
      ᠣᠶᠢᠷ᠎ᠠ ᠳᠤ᠂ ᠳᠤᠮᠳᠠᠳᠤ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠬᠡᠪᠯᠡᠯ ᠤᠨ ᠬᠤᠷᠢᠶ᠎ᠠ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠤᠯᠢ ᠶᠢᠨ ᠤᠬᠠᠭᠠᠨ ᠤ ᠰᠤᠳᠤᠯᠭᠠᠨ ᠤ ᠭᠠᠵᠠᠷ ᠠᠴᠠ ᠬᠠᠮᠲᠤᠷᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠬᠠᠤᠯᠢᠵᠢᠯ ᠤᠨ ᠴᠠᠭ ᠦᠶ᠎ᠡ ᠶᠢᠨ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠵᠢᠴᠢ ᠳᠤᠮᠳᠠᠳᠤ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠬᠡᠪᠯᠡᠯ ᠤᠨ ᠬᠤᠷᠢᠶ᠎ᠠ ᠪᠠᠶᠢᠭᠤᠯᠤᠭᠳᠠᠭᠰᠠᠨ 35 ᠵᠢᠯ ᠤᠨ ᠣᠶ ᠶᠢᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠪᠠ᠃ 
1.png
       ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠦᠷᠭᠡᠭᠰᠡᠨ ︽︿ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ﹀ ᠰᠢᠨ᠎ᠡ ᠵᠠᠮ ᠢ ᠡᠭᠦᠳᠴᠦ᠂ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠤᠨ ᠦᠢᠯᠡᠴᠢᠯᠡᠭᠡ ᠶᠢ ᠰᠢᠨ᠎ᠡ ᠪᠠᠷ ᠬᠥᠭᠵᠢᠭᠦᠯᠵᠦ᠂ ᠰᠡᠳᠬᠢᠯ ᠤᠨ ᠭᠦᠨ ᠳᠤ ᠬᠦᠷᠭᠡᠨ᠎ᠡ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠰᠦᠪᠡᠭᠴᠢᠯᠡᠯᠲᠡ ᠪᠠ ᠦᠢᠯᠡᠳᠦᠯᠭᠡ︾ ᠨᠢ 2024 ᠣᠨ ᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠰᠢᠨ᠎ᠡ ᠶᠢ ᠡᠭᠦᠳᠦᠭᠰᠡᠨ ︽ᠳᠤᠮᠳᠠᠳᠤ ᠤᠯᠤᠰ ᠤᠨ ᠬᠠᠤᠯᠢᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠮᠡᠳᠡᠭᠦᠯᠦᠯᠲᠡ ︵2024︶ — 2024 ᠣᠨ ᠤ ᠬᠠᠤᠯᠢᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠ ᠰᠢᠨ᠎ᠡ ᠶᠢ ᠡᠭᠦᠳᠦᠭᠰᠡᠨ ᠰᠢᠯᠢᠳᠡᠭ ᠥᠭᠦᠯᠡᠯ ᠤᠨ ᠰᠣᠩᠭᠤᠮᠠᠯ︾ ᠳᠤ ᠰᠣᠩᠭᠤᠭᠳᠠᠨ ᠣᠷᠣᠭᠰᠠᠨ ᠪᠥᠭᠡᠳ ᠬᠤᠶᠠᠳᠤᠭᠠᠷ ᠬᠤᠭᠤᠴᠠᠭᠠᠨ ᠤ ᠬᠠᠤᠯᠢᠵᠢᠯ ᠤᠨ ᠴᠠᠭ ᠦᠶ᠎ᠡ ᠶᠢᠨ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠤᠨ 2024 ᠣᠨ ᠤ ᠬᠠᠤᠯᠢᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠤᠪᠢ ᠪᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠪᠡ᠃
2.png
      ᠲᠣᠰ ᠬᠡᠷᠡᠭ ᠤᠨ ᠵᠢᠱᠢᠶ᠎ᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠤ ᠠᠬᠤᠶᠢᠯᠠᠯ ᠣᠯᠠᠨ ᠲᠦᠮᠡᠨ ᠳᠤ ᠬᠡᠴᠢᠨᠡᠨ ᠰᠠᠶᠢᠨ ᠶᠠᠪᠤᠳᠠᠯ ᠬᠢᠭᠰᠡᠨ︾ ᠪᠠ ︽ᠣᠯᠠᠨ ᠲᠦᠮᠡᠨ ᠠᠵᠤ ᠠᠬᠤᠶᠢᠯᠠᠯ ᠠᠴᠠ ᠬᠡᠳᠦᠢ ᠠᠰᠢᠭ ᠲᠤᠰᠠ ᠭᠥᠷᠳᠡᠵᠦ ᠳᠡᠶᠢᠯᠬᠦ︾ ᠪᠠᠷ ᠴᠢᠷᠮᠠᠶᠢᠬᠤ ᠴᠢᠭᠯᠡᠯ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠥᠨᠳᠥᠷ ᠪᠦᠲᠦᠮᠵᠢᠲᠡᠶ ᠠᠵᠢᠯᠯᠠᠭᠠᠨ ᠢ ᠬᠦᠴᠦ ᠲᠠᠯᠪᠢᠨ ᠠᠬᠢᠭᠤᠯᠵᠤ᠂ ᠠᠵᠤ ᠠᠬᠤᠶᠢᠯᠠᠯ ᠠᠴᠠ ᠣᠯᠠᠨ ᠲᠦᠮᠡᠨ ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠦᠭᠰᠡᠨ ᠶᠠᠪᠤᠳᠠᠯ ᠪᠣᠯᠣᠨ᠎ᠠ᠃ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠬᠦᠷᠢᠶ᠎ᠡ ᠴᠠᠷᠠᠭ᠎ᠠ ᠳᠤ ᠣᠷᠣᠰᠢᠵᠤ ᠪᠠᠶᠢᠭ᠎ᠠ ᠬᠢᠨᠠᠨ ᠵᠥᠪᠰᠢᠶᠡᠷᠡᠬᠦ ᠴᠠᠭ ᠨᠢ ᠣᠷᠳᠣ᠂ ᠶᠠᠪᠤᠴᠠ ᠭᠤᠭᠴᠤᠭ᠎ᠠ ᠨᠢ ᠪᠤᠳᠤᠯᠢᠶᠠᠨᠲᠠᠢ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠬᠤᠯᠪᠤᠭᠠᠯᠠᠨ ᠬᠥᠳᠡᠯᠦᠯᠴᠡᠵᠦ ᠬᠢᠨᠠᠨ ᠬᠠᠷᠭᠤᠭᠤᠯᠬᠤ ᠪᠠᠷ ᠳᠡᠮᠵᠢᠨ᠂ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢᠨ ᠳᠦᠷᠢᠮ ᠤᠨ ᠴᠢᠨᠠᠷᠲᠠᠢ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠵᠠᠢ᠃
3.png
4.png
      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠤᠰ ᠤᠳᠠᠭᠠᠨ ᠤ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠤᠨ ᠰᠢᠯᠭᠠᠷᠠᠭᠤᠯᠤᠯᠲᠠ ᠪᠠᠷ ᠠᠵᠠ ᠲᠣᠬᠢᠶᠠᠯ ᠪᠣᠯᠭᠠᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠤᠮᠳᠠ ᠦᠷᠭᠦᠯᠵᠢᠯᠡᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠢᠨ᠎ᠡ ᠰᠡᠳᠬᠢᠮᠵᠢ ᠶᠢ ᠦᠢᠯᠡᠳᠦᠯᠭᠡᠵᠢᠭᠦᠯᠦᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠪᠣᠳᠠᠲᠠᠢ ᠪᠥᠭᠡᠳ ᠭᠦᠨᠵᠡᠭᠡᠢ ᠬᠢᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠬᠤᠯᠪᠤᠭᠠᠯᠠᠨ ᠬᠥᠳᠡᠯᠦᠯᠴᠡᠵᠦ ᠬᠢᠨᠠᠨ ᠬᠠᠷᠭᠤᠭᠤᠯᠬᠤ ᠪᠠᠷ ᠳᠡᠮᠵᠢᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号