︽ᠲᠦᠷᠦᠭᠦᠴᠢ ᠭᠠᠯᠠᠭᠤ︾ ᠪᠣᠯᠣᠭᠰᠠᠳ ᠤᠨ ᠴᠤᠭ ᠵᠢᠪᠬᠤᠭ᠎ᠠ ᠶᠢ ᠬᠠᠷᠠᠶ᠎ᠠ ᠭᠡᠵᠦ ᠪᠣᠳᠣᠵᠤ ᠪᠠᠶᠢᠨ᠎ᠠ ᠦᠦ︖ | ᠥᠪᠥᠷ ᠮᠣᠩᠭᠤᠯ ᠤᠨ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠮᠲᠠᠯᠠᠬᠤ | ᠰᠠᠨᠠᠭ᠎ᠠ ᠲᠠᠢ ᠦᠦ︖ ᠲᠡᠭᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠷᠢᠨ ᠨᠢᠮᠪᠠᠢ ᠲᠥᠯᠥᠪᠯᠡᠵᠦ ᠪᠡᠯᠡᠳᠬᠡᠭᠰᠡᠨ | ︽ᠲᠦᠷᠦᠭᠦᠴᠢ ᠭᠠᠯᠠᠭᠤ︾ ᠬᠤᠲᠠ ᠶᠢᠨ ᠴᠤᠭᠯᠠᠭᠠᠨ ᠤ ᠦᠪᠡᠳᠡᠭᠰᠢ ᠳᠠᠶᠢᠯᠠᠯᠭ᠎ᠠ ᠶᠢ ᠠᠯᠳᠠᠵᠤ ᠪᠣᠯᠬᠤ ᠦᠭᠡᠢ ᠰᠢᠦ︕ | 10 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠡᠳᠦᠷ ᠪᠦᠷᠢ ᠶᠢᠨ 15᠄ 00︱22᠄ 00 ᠴᠠᠭ ᠲᠤ᠂ | ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ | ᠳᠠᠭᠠᠭᠤᠯᠤᠭᠴᠢ ᠶᠢᠨ ︽ᠲᠦᠷᠦᠭᠦᠴᠢ ᠭᠠᠯᠠᠭᠤ︾ ᠶᠢ ᠪᠣᠶᠢᠵᠢᠭᠤᠯᠬᠤ ᠲᠥᠷᠥᠯ ᠵᠦᠢᠯ ︱ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠬᠥᠬᠡᠬᠤᠲᠠ ᠶᠢᠨ ᠬᠤᠲᠣᠩ ᠠᠷᠠᠳ ᠤᠨ | ᠲᠣᠭᠤᠷᠢᠭ ᠤᠨ ᠺᠤᠸᠠᠨ ᠰᠢᠶᠠᠩ ᠽᠢ ᠠᠮᠲᠠᠲᠤ ᠢᠳᠡᠭᠡᠨ ᠤ ᠵᠡᠭᠡᠯᠢ ᠳᠤ ᠶᠠᠪᠤᠭᠳᠠᠨ᠎ᠠ᠃ ᠠᠳᠡ᠂ ᠲᠠ ᠴᠢᠨᠠᠷ ᠰᠠᠶᠢᠲᠠᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠨᠲᠠᠯ᠎ᠠ ᠦᠵᠡᠵᠦ᠂ ︽ᠲᠦᠷᠦᠭᠦᠴᠢ ᠭᠠᠯᠠᠭᠤ︾ ᠶᠢᠨ | ᠲᠦᠷᠦᠯ ᠵᠦᠢᠯ ᠤᠨ ᠪᠣᠶᠢᠵᠢᠭᠤᠯᠤᠯᠲᠠ ᠶᠢᠨ ᠦᠷ᠎ᠡ ᠪᠦᠲᠦᠭᠡᠯ ᠢ ᠣᠶᠢᠯᠠᠭᠠᠵᠤ ᠪᠣᠯᠣᠨ᠎ᠠ᠃ ᠡᠭᠦᠨ ᠠᠴᠠ ᠭᠠᠳᠠᠨ᠎ᠠ | ᠪᠠᠰᠠ ᠭᠤᠶᠢᠳᠠ ᠰᠠᠶᠢᠬᠠᠨ ᠲᠣᠭᠯᠠᠯᠲᠠ᠂ ᠬᠥᠭᠡᠷᠦᠬᠦᠨ ᠠᠮᠢᠲᠠᠳ᠂ ᠺᠠᠷᠲ ᠴᠤᠭᠯᠠᠭᠤᠯᠬᠤ᠂ ᠦᠨ᠎ᠡ ᠲᠥᠯᠥᠪᠦᠷᠢ ᠦᠭᠡᠢ | ᠠᠮᠲᠠᠲᠤ ᠢᠳᠡᠭᠡᠨ ᠢ ᠠᠮᠲᠠᠯᠠᠬᠤ ᠵᠡᠷᠭᠡ ᠨᠢ ᠲᠠᠨ ᠳᠤ ᠡᠯᠪᠡᠭ ᠪᠠᠶᠠᠯᠢᠭ ᠣᠯᠣᠯᠲᠠ ᠣᠯᠭᠤᠬᠤ ᠶᠤᠮ᠃ ᠪᠠᠶᠠᠷᠲᠤ | ᠰᠡᠳᠬᠢᠯᠭᠡ ᠪᠠᠨ ᠪᠡᠯᠡᠳᠬᠡᠵᠦ᠂ ᠶᠠᠪᠤᠨ᠎ᠠ ᠭᠡᠪᠡᠯ ᠶᠠᠪᠤᠴᠢᠬᠠᠬᠤ ᠠᠮᠠᠷᠠᠯᠲᠠ ᠶᠢᠨ ᠬᠤᠭᠤᠴᠠᠭᠠᠨ ᠤ ᠠᠶᠠᠯᠠᠯ ᠢᠶᠠᠨ | ᠡᠬᠢᠯᠡᠭᠦᠯᠦᠭᠡᠷᠡᠢ᠃ | | | | | | ᠦᠢᠯᠡᠳᠬᠦᠨ ᠤ ᠳᠡᠯᠭᠡᠨ ᠪᠣᠷᠣᠯᠠᠭᠤᠯᠤᠯᠲᠠ | ᠪᠥᠬᠦ ᠣᠷᠣᠨ ᠤ ︽ᠲᠦᠷᠦᠭᠦᠴᠢ ᠭᠠᠯᠠᠭᠤ︾ ᠶᠢᠨ ᠳᠠᠭᠠᠭᠤᠯᠤᠭᠴᠢ ᠠᠪᠴᠢᠷᠠᠭᠰᠠᠨ ᠰᠢᠯᠢᠳᠡᠭ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠠᠳᠡ ᠴᠤᠭᠯᠠᠷᠠᠨ᠂ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ᠂ | ᠠᠮᠲᠠᠲᠠᠢ ᠥᠪᠡᠷᠮᠢᠴᠡ ᠣᠨᠴᠠᠯᠢᠭ ᠲᠠᠢ ᠮᠢᠬᠠᠨ ᠤ ᠵᠦᠢᠯ᠂ ᠴᠠᠭᠠᠨ ᠢᠳᠡᠭᠡᠨ ᠤ ᠵᠦᠢᠯ᠂ ᠪᠠᠰᠠ ᠲᠡᠳᠡᠭᠡᠷ ᠤᠷᠠᠨ | ᠨᠠᠷᠢᠯᠢᠭ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠨᠢ ᠲᠠᠨ ᠢ ᠬᠥᠬᠡᠬᠤᠲᠠ ᠠᠴᠠ ᠭᠠᠷᠬᠤ ᠦᠭᠡᠢ ᠪᠠᠷ ᠥᠪᠡᠷᠮᠢᠴᠡ | ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠵᠤ᠂ ᠣᠷᠣᠨ ᠨᠤᠲᠤᠭ ᠤᠨ ᠴᠤᠭᠯᠠᠭ᠎ᠠ ᠮᠠᠶᠢᠮᠠᠢ ᠪᠠᠷ ᠲᠣᠭᠤᠷᠢᠭᠤᠯᠤᠨᠠ᠃ | ᠭᠤᠶᠣ ᠰᠠᠶᠢᠬᠠᠨ ᠤᠷᠠᠨ ᠰᠠᠶᠢᠬᠠᠨ ᠤ ᠲᠣᠭᠯᠠᠯᠲᠠ | ᠢᠷᠠᠭᠤ ᠴᠡᠭᠡᠯᠬᠡᠨ ᠮᠣᠷᠢᠨ ᠬᠤᠭᠤᠷ᠂ ᠣᠮᠤᠭ ᠲᠡᠭᠦᠯᠳᠡᠷ ᠮᠣᠩᠭᠤᠯ ᠪᠥᠵᠢᠭ᠂ ᠬᠠᠩᠭᠢᠨᠠᠮ᠎ᠠ ᠰᠠᠶᠢᠬᠠᠨ ᠲᠠᠯ᠎ᠠ | ᠨᠤᠲᠤᠭ ᠤᠨ ᠳᠠᠭᠤᠤ᠂ ᠤᠯᠠᠭᠠᠨᠮᠥ᠋ᠴᠢᠷ ᠪᠣᠯᠣᠨ ︽ᠲᠦᠷᠦᠭᠦᠴᠢ ᠭᠠᠯᠠᠭᠤ︾ ᠪᠣᠯᠣᠭᠰᠠᠳ ᠠᠳᠡ ᠲᠠᠨ ᠤ | ᠣᠷᠣᠯᠴᠠᠬᠤ ᠶᠢ ᠬᠦᠯᠢᠶᠡᠵᠦ ᠪᠠᠶᠢᠨ᠎ᠠ︕ ᠢᠷᠡᠭᠰᠡᠨ ᠵᠠᠮ ᠢᠶᠠᠷ ᠢᠶᠠᠨ ᠬᠠᠩᠭᠢᠨᠠᠲᠠᠯ᠎ᠠ ᠳᠠᠭᠤᠯᠠᠵᠤ᠂ ᠥᠪᠥᠷ | ᠮᠣᠩᠭᠤᠯ ᠤᠨ ᠬᠠᠮᠤᠭ ᠤᠨ ᠭᠤᠶᠢᠳᠠ ᠰᠠᠶᠢᠬᠠᠨ ᠳᠠᠭᠤᠤ ᠪᠥᠵᠢᠭ ᠢ ᠣᠶᠢᠯᠠᠭᠠᠵᠠᠭᠠᠶ᠎ᠠ︕ | ᠦᠢᠯᠡᠳᠦᠯᠴᠡᠯ ᠤᠨ ᠪᠡᠶᠡᠴᠢ ᠣᠶᠢᠯᠭᠠᠯᠲᠠ | ᠨᠠᠩᠭᠤᠸᠠ ᠶᠢᠨ ᠪᠤᠤᠯᠢᠩ ᠪᠥᠮᠪᠦᠭᠡ ᠵᠡᠷᠭᠡ ᠬᠥᠳᠡᠭᠡ ᠶᠢᠨ ᠵᠢᠵᠢᠭ ᠲᠣᠭᠯᠠᠭᠠᠮ ᠤᠳ ᠴᠢᠮ᠎ᠠ ᠶᠢ ᠯᠠᠪ | ᠪᠠᠶᠠᠷᠯᠠᠭᠤᠯᠤᠨ᠎ᠠ︕ ᠪᠠᠰᠠ ᠦᠨ᠎ᠡ ᠲᠥᠯᠥᠪᠦᠷᠢ ᠦᠭᠡᠢ ᠠᠮᠰᠠᠬᠤ ᠰᠢᠷᠠᠭᠰᠠᠨ ᠪᠦᠬᠦᠯᠢ ᠬᠤᠨᠢ ᠪᠣᠯᠣᠨ ᠰᠦ ᠲᠠᠢ ᠴᠠᠢ | ᠪᠠᠶᠢᠵᠤ᠂ ᠲᠠᠨ ᠤ ᠠᠮᠲᠠ ᠶᠢᠨ ᠴᠣᠮᠣᠷᠯᠢᠭ ᠢ ᠪᠠᠶᠠᠷᠯᠠᠭᠤᠯᠤᠨ᠎ᠠ︕ ᠪᠠᠰᠠ ᠲᠡᠳᠡᠭᠡᠷ ᠭᠤᠴᠣ ᠰᠠᠶᠢᠬᠠᠨ ᠣᠳᠣ | ᠦᠶ᠎ᠡ ᠶᠢᠨ ᠲᠠᠷᠢᠶᠠᠯᠠᠩ ᠤᠨ ᠮᠠᠰᠢᠨ ᠪᠠᠭᠠᠵᠢ ᠪᠣᠯᠣᠨ ᠲᠣᠮᠣ ᠬᠡᠯᠪᠡᠷᠢ ᠶᠢᠨ ᠲᠠᠷᠢᠮᠠᠯ ᠤᠨ ᠵᠦᠢᠯ ᠵᠡᠷᠭᠡ ᠶᠢ | ᠰᠡᠭᠦᠳᠡᠷᠯᠡᠬᠦ ᠶᠢ ᠪᠢᠲᠡᠭᠡᠢ ᠮᠠᠷᠲᠠᠭᠠᠷᠠᠢ︕ ᠶᠠᠷᠢᠶᠠᠨ ᠦᠭᠡᠢ᠂ ᠪᠢᠴᠢᠬᠠᠨ ᠬᠡᠦᠬᠡᠳ ᠤᠨ ᠬᠠᠮᠤᠭ ᠤᠨ ᠳᠤᠷᠠᠲᠠᠢ | ᠪᠢᠴᠢᠬᠠᠨ ᠠᠮᠢᠲᠠᠳ ᠴᠤ ᠲᠠ ᠨᠠᠷ ᠤᠨ ᠲᠣᠭᠯᠠᠬᠤ ᠪᠠᠷ ᠢᠷᠡᠬᠦ ᠶᠢ ᠬᠦᠯᠢᠶᠡᠵᠦ ᠪᠠᠢᠨ᠎ᠠ᠃ | ᠺᠠᠷᠲ ᠲᠠᠮᠠᠭ᠎ᠠ ᠴᠤᠭᠯᠠᠭᠤᠯᠬᠤ | ᠬᠥᠳᠡᠯᠭᠡᠭᠡᠨ ᠤ ᠬᠤᠭᠤᠴᠠᠭᠠᠨ ᠳᠤ ᠪᠠᠰᠠ ᠮᠠᠰᠢ ᠤᠯᠠᠨ ᠪᠡᠯᠡᠭ ᠪᠡᠯᠡᠳᠬᠡᠵᠦ ᠲᠠᠨ ᠤ ᠢᠷᠡᠬᠦ ᠶᠢ ᠬᠦᠯᠢᠶᠡᠵᠦ | ᠪᠠᠶᠢᠨ᠎ᠠ︕ ᠵᠥᠪᠬᠡᠨ ᠲᠣᠭᠯᠠᠭᠠᠮ᠂ ᠰᠣᠨᠢᠷᠬᠠᠯᠲᠠᠢ ᠠᠰᠠᠭᠤᠯᠲᠠ ᠬᠠᠷᠢᠭᠤᠯᠲᠠ ᠳᠤ ᠣᠷᠣᠯᠴᠠᠵᠤ᠂ ᠭᠦᠢᠴᠡᠳ | ᠬᠡᠮᠵᠢᠶᠡᠨ ᠤ ᠲᠠᠮᠠᠭ᠎ᠠ ᠶᠢ ᠴᠤᠭᠯᠠᠭᠤᠯᠪᠠᠯ᠂ ᠳᠠᠷᠤᠢ ᠨᠢᠭᠡ ᠬᠤᠪᠢ ᠭᠤᠶᠤ ᠰᠠᠶᠢᠬᠠᠨ ᠵᠢᠵᠢᠭ ᠪᠡᠯᠡᠭ ᠰᠣᠯᠢᠵᠤ ᠪᠣᠯᠣᠨ᠎ᠠ | ᠰᠢᠸ ᠳ᠋ᠠ︕ ᠲᠤᠭ᠎ᠠ ᠬᠡᠮᠵᠢᠶ᠎ᠡ ᠨᠢ ᠬᠢᠵᠠᠭᠠᠷ ᠲᠠᠢ᠂ ᠤᠷᠢᠳᠠᠪᠠᠷ ᠬᠦᠷᠬᠦ ᠨᠢ ᠤᠷᠢᠳᠠᠪᠠᠷ ᠣᠯᠣᠨ᠎ᠠ︕ | | | | | | ᠤᠯᠤᠰ ᠤᠨ ᠪᠠᠶᠠᠷ ᠲᠤ᠂ ᠲᠠᠨ ᠲᠠᠢ ᠪᠣᠯᠵᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠥᠷᠭᠡᠨ ᠣᠯᠠᠨ | ᠵᠤᠭᠠᠴᠠᠭᠴᠢ᠂ ᠬᠤᠲᠠ ᠶᠢᠨ ᠠᠷᠠᠳ ᠨᠠᠶᠢᠵᠠ ᠨᠠᠷ ᠢ ᠤᠷᠢᠵᠤ ᠪᠠᠶᠢᠨ᠎ᠠ︕ ᠢᠳᠡᠪᠬᠢᠲᠡᠢ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠠᠮᠲᠤ ᠪᠠᠷ | ᠬᠦᠴᠦᠨ ᠨᠡᠮᠡᠷᠢᠯᠡᠶ᠎ᠡ︕ |