ᠮᠠᠨ ᠤ ᠣᠷᠣᠨ ᠪᠣᠯ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠣᠷᠣᠨ ᠪᠠᠶᠢᠵᠤ᠂ 1.72 | ᠳ᠋ᠦᠩᠰᠢᠭᠤᠷ ᠮᠦ ᠲᠠᠷᠢᠶᠠᠨ ᠭᠠᠵᠠᠷ ᠲᠠᠢ ᠶᠤᠮ᠃ ᠣᠶᠢᠷ᠎ᠠ ᠶᠢᠨ ᠵᠢᠯ ᠳᠤ ᠮᠠᠨ ᠤ ᠣᠷᠣᠨ ᠰᠢᠨ᠎ᠡ ᠲᠣᠭᠲᠠᠴᠠ | ᠪᠠᠶᠢᠭᠤᠯᠬᠤ᠂ ᠵᠠᠭᠪᠤᠷ ᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠶᠢ ᠴᠢᠬᠤᠯᠠᠴᠢᠯᠠᠬᠤ᠂ ᠰᠠᠶᠢᠨ ᠲᠤᠷᠰᠢᠯᠭ᠎ᠠ ᠶᠢ | ᠳᠡᠯᠭᠡᠷᠡᠭᠦᠯᠬᠦ ᠪᠠᠷ ᠳᠡᠮᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ 5 ᠵᠢᠯ ᠳᠠᠷᠠᠭᠠᠯᠠᠨ ᠤᠯᠤᠰ ᠠᠴᠠ ᠪᠠᠭᠤᠯᠭᠠᠭᠰᠠᠨ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠠᠮᠤ | ᠪᠤᠳᠠᠭᠠᠨ ᠤ ᠲᠠᠷᠢᠮᠠᠯ ᠤᠨ ᠲᠠᠯᠠᠪᠠᠶ᠂ ᠶᠡᠷᠦᠩᠬᠡᠢ ᠤᠨᠠᠯᠲᠠ᠂ ᠮᠦ ᠨᠢᠭᠡᠴᠢ ᠶᠢᠨ ᠤᠨᠠᠯᠲᠠ ᠶᠢ ᠳᠠᠶᠢᠴᠢᠯᠠᠨ᠂ ᠤᠨᠠᠯᠲᠠ | ᠶᠢᠨ ᠲᠠᠯ᠎ᠠ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠶᠢ ᠪᠠᠲᠤᠯᠠᠭᠰᠠᠭᠠᠷ ᠢᠷᠡᠵᠡᠢ᠃ | ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠳᠤᠮᠳᠠ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠭᠠᠵᠠᠷ ᠳᠣᠣᠷᠠᠬᠢ | ᠤᠰᠤ ᠶᠢ ᠲᠠᠲᠠᠵᠤ ᠬᠡᠷᠡᠭᠯᠡᠬᠦ ᠶᠢ ᠬᠢᠵᠠᠭᠠᠷᠯᠠᠬᠤ᠂ ᠭᠠᠵᠠᠷ ᠳᠡᠭᠡᠷᠡᠬᠢ ᠤᠰᠤ ᠶᠢ ᠥᠨᠳᠥᠷ ᠪᠦᠲᠦᠮᠵᠢᠲᠡᠶ ᠪᠠᠷ ᠬᠡᠷᠡᠭᠯᠡᠬᠦ᠂ | ᠪᠣᠷᠣᠭᠠᠨ ᠤ ᠤᠰᠤ ᠶᠢ ᠬᠤᠷᠠᠮᠳᠤᠭᠤᠯᠤᠨ ᠬᠠᠳᠠᠭᠠᠯᠠᠵᠤ ᠠᠰᠢᠭᠯᠠᠬᠤ︾ ᠶᠡᠷᠦᠩᠬᠡᠶᠢᠯᠡᠭᠰᠡᠨ ᠤᠰᠤ ᠠᠷᠪᠢᠯᠠᠬᠤ ᠠᠷᠭ᠎ᠠ | ᠬᠡᠮᠵᠢᠶ᠎ᠡ ᠶᠢ ᠪᠦᠷᠢᠯᠳᠦᠭᠦᠯᠦᠨ᠂ ᠵᠢᠯ ᠤᠨ ᠤᠰᠤ ᠠᠷᠪᠢᠯᠠᠬᠤ ᠬᠡᠮᠵᠢᠶ᠎ᠡ 34 ᠳ᠋ᠦᠩᠰᠢᠭᠤᠷ ᠰᠢᠬᠠᠮ ᠪᠣᠰᠤᠭ᠎ᠠ | ᠳᠥᠷᠪᠡᠯᠵᠢᠨ ᠮᠧᠲᠷ ᠲᠤ ᠬᠦᠷᠴᠦ ᠪᠤᠢ᠃ ᠡᠨᠡ ᠵᠢᠯ ᠮᠠᠨ ᠤ ᠣᠷᠣᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ | ᠬᠤᠭᠤᠴᠠᠭᠠᠨ ᠳᠤ ᠲᠠᠷᠢᠶᠠᠴᠢᠳ ᠢ ᠬᠥᠲᠥᠯᠥᠨ ᠵᠢᠯᠤᠭᠤᠳᠴᠤ ᠣᠷᠣᠯᠴᠠᠭᠤᠯᠬᠤ᠂ ᠪᠦᠲᠦᠭᠡᠨ ᠪᠠᠶᠢᠭᠤᠯᠤᠯᠲᠠ ᠶᠢᠨ | ᠬᠤᠭᠤᠴᠠᠭᠠᠨ ᠳᠤ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ᠂ ᠪᠦᠲᠦᠭᠡᠨ ᠪᠠᠶᠢᠭᠤᠯᠤᠯᠲᠠ ᠶᠢᠨ | ᠰᠡᠭᠦᠯᠴᠢ ᠶᠢᠨ ᠬᠤᠭᠤᠴᠠᠭᠠᠨ ᠳᠤ ᠲᠠᠷᠢᠶᠠᠴᠢᠳ ᠢ ᠵᠣᠬᠢᠶᠠᠨ ᠪᠠᠶᠢᠭᠤᠯᠤᠨ ᠬᠠᠮᠢᠶᠠᠷᠴᠤ ᠬᠠᠮᠠᠭᠠᠯᠠᠭᠤᠯᠬᠤ ᠠᠷᠭ᠎ᠠ | ᠭᠡᠯᠪᠡᠷᠢ ᠪᠠᠷ ᠳᠠᠮᠵᠢᠨ ᠲᠠᠷᠢᠶᠠᠴᠢᠨ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ | ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠰᠠ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠬᠢᠭᠡᠳ ᠠᠰᠢᠭᠯᠠᠯᠲᠠ ᠶᠢᠨ 97.65 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠨ᠂ | ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠭᠤᠣᠯᠳᠠᠯᠭ᠎ᠠ ᠲᠠᠢ ᠬᠡᠷᠡᠭᠯᠡᠭᠦᠯᠵᠦ᠂ ᠥᠷᠭᠡᠨ ᠣᠯᠠᠨ ᠲᠠᠷᠢᠶᠠᠴᠢᠳ ᠤᠨ ᠲᠠᠷᠢᠶᠠᠨ | ᠭᠠᠵᠠᠷ ᠤᠨ ᠬᠦᠴᠦ ᠰᠢᠮ᠎ᠡ ᠪᠠᠨ ᠳᠡᠭᠡᠭᠰᠢᠯᠡᠭᠦᠯᠭᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠪᠠ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠨᠡᠶᠢᠳᠡ 850 ᠲᠦᠮᠡᠨ ᠮᠦ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠰᠢᠨ᠎ᠡ ᠪᠠᠷ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠡᠯ᠎ᠡ ᠭᠠᠵᠠᠷ ᠤᠨ ᠬᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠵᠤ᠂ 11 ᠰᠠᠷ᠎ᠠ ᠶᠢᠨ ᠰᠡᠭᠦᠯᠴᠢ ᠪᠠᠷ ᠪᠦᠭᠦ ᠲᠠᠯ᠎ᠠ | ᠪᠠᠷ ᠠᠵᠢᠯ ᠢᠶᠠᠨ ᠳᠠᠭᠤᠰᠬᠠᠬᠤ ᠪᠠᠷ ᠴᠢᠷᠮᠠᠶᠢᠨ ᠠᠵᠢᠯᠯᠠᠵᠤ ᠪᠠᠶᠢᠨ᠎ᠠ᠃ ᠡᠭᠦᠨ ᠳᠤ ᠡᠨᠡ ᠵᠢᠯ ᠤᠨ ᠰᠢᠨ᠎ᠡ ᠪᠠᠷ | ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 224 ᠲᠦᠮᠡᠨ ᠮᠦ ᠨᠢ ᠨᠢᠭᠡᠨᠲᠡ ᠠᠮᠤ ᠪᠤᠳᠠᠭᠠᠨ ᠤ | ᠦᠢᠯᠡᠳᠪᠦᠷᠢᠯᠡᠯ ᠳᠤ ᠦᠢᠯᠡᠳᠦᠯ ᠢᠶᠠᠨ ᠪᠠᠳᠠᠷᠠᠭᠤᠯᠵᠤ᠂ ᠲᠤᠰ ᠵᠢᠯ ᠳᠡᠭᠡᠨ ᠮᠦ ᠪᠦᠷᠢ ᠶᠢᠨ ᠳᠤᠮᠳᠠᠴᠢ ᠤᠨᠠᠯᠲᠠ ᠶᠢ | 100 ᠺᠢᠯᠣᠭ᠍ᠷᠠᠮ ᠨᠡᠮᠡᠭᠳᠡᠭᠦᠯᠬᠦ ᠪᠣᠯᠣᠨ᠎ᠠ᠃ ᠮᠠᠨ ᠤ ᠣᠷᠣᠨ ᠤᠷᠢᠳ ᠬᠤᠵᠢᠳ ᠨᠡᠶᠢᠳᠡ 5237 ᠲᠦᠮᠡᠨ ᠮᠦ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠶᠠᠨ ᠭᠠᠵᠠᠷ ᠤᠨ ᠲᠠᠷᠠᠬᠠᠢ ᠪᠤᠲᠠᠷᠬᠠᠢ | ᠡᠮᠬᠢ ᠵᠠᠮᠪᠠᠷᠠᠭ᠎ᠠ ᠦᠭᠡᠢ ᠠᠰᠠᠭᠤᠳᠠᠯ ᠢ ᠨᠢᠭᠡᠳᠦᠯᠲᠡᠢ ᠰᠢᠢᠳᠪᠦᠷᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ 10% ᠭᠠᠷᠤᠢ ᠪᠠᠷ ᠳᠡᠭᠡᠭᠰᠢᠯᠡᠭᠦᠯᠦᠨ᠂ ᠲᠠᠷᠢᠮᠠᠯ ᠤᠨ ᠲᠠᠯᠠᠪᠠᠶ ᠶᠢ 1.5% ᠪᠠᠷ ᠨᠡᠮᠡᠭᠳᠡᠭᠦᠯᠵᠦ᠂ | ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠦᠨ᠎ᠡ ᠬᠠᠩᠰᠢ ᠨᠢ 200 ᠭᠠᠷᠤᠢ ᠲᠥᠭᠦᠷᠢᠭ | ᠳᠡᠭᠡᠭᠰᠢᠯᠡᠭᠰᠡᠨ ᠪᠠᠶᠢᠨ᠎ᠠ᠃ |