ᠤᠳᠤᠭ ᠬᠤᠰᠢᠭᠤᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠠᠰᠢᠭᠯᠠᠯᠲᠠ ᠳᠤ ᠣᠷᠣᠯ᠎ᠠ
ᠨᠡᠶᠢᠲᠡᠯᠡᠭᠰᠡᠨ ᠴᠠᠭ᠄
2024/9/26
      ᠣᠶᠢᠷ᠎ᠠ ᠳᠤ᠂ ᠣᠷᠳᠣᠰ ᠬᠤᠲᠠ ᠶᠢᠨ ᠵᠢᠶᠠ ᠶᠤᠸᠠᠨ ᠠᠮᠢ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠡᠷᠬᠡᠲᠦ ᠭᠠᠴᠠᠭᠠᠨ ᠳᠠᠬᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ᠃ ︽ᠣᠷᠳᠣᠰ ᠬᠤᠲᠠ ᠶᠢᠨ ᠵᠢᠶᠠ ᠶᠤᠸᠠᠨ ᠠᠮᠢ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ ᠡᠷᠬᠡᠲᠦ ᠭᠠᠴᠠᠭᠠᠨ ᠳᠤ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠪᠠᠶᠢᠭᠤᠯᠤᠭᠰᠠᠨ  ᠨᠢ ᠰᠦᠮᠡᠲᠦ ᠰᠤᠮᠤ ᠳᠤ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠵᠠᠭᠪᠤᠷ ᠪᠠ ᠥᠷᠭᠡᠨ ᠠᠭᠤᠳᠠᠮ ᠪᠣᠷᠤᠯᠠᠭᠤᠯᠭ᠎ᠠ ᠶᠢᠨ ᠵᠠᠮ ᠢ ᠨᠡᠭᠡᠭᠡᠵᠡᠢ᠃ ᠡᠨᠡ ᠨᠢ ᠰᠦᠮᠡᠲᠦ ᠰᠤᠮᠤᠨ ᠤ ᠮᠠᠯ ᠠᠵᠤ ᠠᠬᠤᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠳᠤᠲᠠᠭᠤᠳᠠᠯ ᠢ ᠨᠥᠬᠦᠪᠦᠷᠢᠯᠡᠬᠦ ᠶᠢ ᠠᠬᠢᠭᠤᠯᠵᠤ᠂ ᠢᠯᠠᠩᠭᠤᠶ᠎ᠠ ᠡᠭᠦᠯᠳᠡᠷ ᠢ ᠰᠠᠶᠢᠵᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠪᠣᠷᠳᠣᠵᠤ ᠲᠠᠷᠭᠤᠯᠠᠭᠤᠯᠬᠤ ᠵᠡᠷᠭᠡ ᠲᠠᠯ᠎ᠠ ᠪᠠᠷ ᠳᠠᠶᠢᠴᠢᠯᠠᠬᠤ ᠦᠢᠯᠡᠳᠦᠯ ᠲᠠᠢ ᠪᠣᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠴᠢᠨᠡᠭᠡᠯᠢᠭᠵᠢᠬᠦ ᠶᠢ ᠪᠦᠲᠦᠮᠵᠢᠲᠡᠶ ᠠᠬᠢᠭᠤᠯᠵᠤ ᠴᠢᠳᠠᠨ᠎ᠠ︾ ᠭᠡᠵᠦ ᠰᠦᠮᠡᠲᠦ ᠰᠤᠮᠤᠨ ᠤ ᠬᠠᠷᠢᠭᠤᠴᠠᠯᠭᠠᠲᠠᠨ ᠶᠠᠷᠢᠵᠤ ᠪᠠᠶᠢᠯ᠎ᠠ᠃      ᠳᠤᠰ ᠰᠠᠭᠤᠷᠢᠨ ᠢ ᠪᠠᠶᠢᠭᠤᠯᠬᠤ ᠳᠤ 2024 ᠣᠨ ᠤ ᠡᠬᠢ ᠪᠠᠷ ᠣᠷᠳᠣᠰ ᠬᠤᠲᠠ ᠶᠢᠨ ᠵᠢᠶᠠ ᠶᠤᠸᠠᠨ ᠠᠮᠢ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠢᠨ ᠡᠷᠬᠡᠲᠦ ᠭᠠᠴᠠᠭ᠎ᠠ  ᠯᠤᠭ᠎ᠠ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠰᠠᠨ ᠶᠤᠮ᠃ ᠰᠠᠭᠤᠷᠢᠨ ᠢ ᠬᠤᠶᠠᠷ ᠬᠤᠭᠤᠴᠠᠭ᠎ᠠ ᠬᠤᠪᠢᠶᠠᠨ ᠪᠠᠶᠢᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2043.86 ᠲᠦᠮᠡᠨ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠢᠭᠡᠨᠲᠡ 500 ᠰᠠᠶᠢᠨ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠠᠢ᠃ ᠬᠤᠶᠠᠳᠤᠭᠠᠷ ᠬᠤᠭᠤᠴᠠᠭᠠᠨ ᠳᠤ 2000 ᠲᠣᠯᠣᠭᠠᠢ ᠰᠠᠶᠢᠨ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠪᠠᠷ ᠵᠢᠱᠢᠵᠦ ᠪᠤᠢ᠃      ᠣᠶᠢᠯᠠᠭᠠᠭᠰᠠᠨ ᠢᠶᠠᠷ᠂ ᠲᠣᠰ ᠰᠠᠭᠤᠷᠢᠨ ᠠᠰᠢᠭᠯᠠᠯᠲᠠ ᠳᠤ ᠣᠷᠣᠭᠰᠠᠨ ᠤ ᠳᠠᠷᠠᠭ᠎ᠠ ︽ᠰᠠᠭᠤᠷᠢᠨ ᠭᠠᠵᠠᠷ + ᠬᠤᠷᠰᠢᠶ᠎ᠠ + ᠲᠡᠵᠢᠭᠡᠨ ᠦᠷᠡᠵᠢᠭᠦᠯᠬᠦ ᠡᠷᠦᠭᠡ︾ ᠶᠢᠨ ᠵᠠᠭᠪᠤᠷ ᠢ ᠬᠡᠷᠡᠭᠵᠢᠭᠦᠯᠵᠦ᠂ ᠡᠷᠬᠡᠲᠦ ᠭᠠᠴᠠᠭ᠎ᠠ ᠪᠠᠷ ᠭᠤᠣᠯ ᠪᠣᠯᠭᠠᠨ ᠡᠷᠭᠢᠨ ᠲᠣᠭᠤᠷᠢᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠪᠣᠯᠣᠨ᠎ᠠ᠃ ᠡᠭᠦᠨ ᠤ ᠬᠠᠮᠲᠤ ᠰᠠᠭᠤᠷᠢᠨ ᠨᠢ ᠬᠤᠷᠰᠢᠶ᠎ᠠ ᠪᠠ ᠲᠡᠵᠢᠭᠡᠨ ᠦᠷᠡᠵᠢᠭᠦᠯᠬᠦ ᠡᠷᠦᠭᠡ ᠳᠤ ᠬᠡᠭᠡᠯᠲᠦᠭᠦᠯᠭᠡ ᠶᠢᠨ ᠦᠢᠯᠡᠴᠢᠯᠡᠭᠡ ᠬᠠᠩᠭᠠᠬᠤ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠬᠦ᠂ ᠰᠢᠯᠢᠳᠡᠭ ᠡᠭᠦᠯᠳᠡᠷ ᠤᠨ ᠪᠤᠬ᠎ᠠ᠂ ᠦᠨᠢᠶ᠎ᠡ ᠬᠠᠩᠭᠠᠵᠤ᠂ 3 ᠊᠊᠊᠊ 5 ᠵᠢᠯ ᠤᠨ ᠬᠤᠭᠤᠴᠠᠭᠠᠨ ᠳᠤ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠬᠠᠩᠭᠠᠯᠭ᠎ᠠ ᠬᠡᠷᠡᠭᠴᠡᠭᠡ᠂ ᠬᠠᠷᠢᠯᠴᠠᠨ ᠠᠬᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠤᠶ ᠪᠤᠯᠭᠠᠬᠤ ᠪᠠᠷ ᠴᠢᠷᠮᠠᠶᠢᠵᠤ᠂ ᠲᠣᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠣᠲᠤᠭ ᠬᠤᠰᠢᠭᠤᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠲᠤᠰᠬᠠᠶᠢᠵᠢᠭᠰᠠᠨ᠂ ᠵᠢᠷᠤᠮᠵᠢᠬᠰᠠᠨ᠂ ᠥᠨᠳᠥᠷ ᠦᠷ᠎ᠡ ᠪᠦᠲᠦᠮᠵᠢᠲᠡᠶ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠭᠦ ᠪᠣᠯᠣᠨ᠎ᠠ᠃      ᠣᠷᠳᠣᠰ ᠬᠤᠲᠠ ᠶᠢᠨ ᠵᠢᠶᠠ ᠶᠤᠸᠠᠨ ᠠᠮᠢ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠤ ᠽᠢ ᠱᠧᠩ᠄ ︽ᠡᠷᠬᠡᠲᠦ ᠭᠠᠴᠠᠭᠠᠨ ᠤ ᠴᠢᠨᠠᠷ ᠰᠠᠶᠢᠲᠠᠢ ᠪᠠᠶᠢᠭᠠᠯᠢ ᠶᠢᠨ ᠡᠬᠢ ᠪᠠᠶᠠᠯᠢᠭ ᠨᠢ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠪᠠᠶᠢᠭᠤᠯᠬᠤ ᠨᠥᠬᠦᠴᠡᠯ ᠳᠤ ᠨᠡᠶᠢᠴᠡᠭᠰᠡᠨ ᠪᠠᠶᠢᠨ᠎ᠠ᠃ ᠪᠢᠳᠡ ᠰᠠᠭᠤᠷᠢᠨ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠯᠴᠢᠨ ᠲᠠᠷᠢᠶᠠᠴᠢᠳ ᠯᠤᠭ᠎ᠠ ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠶᠢ ᠪᠠᠶᠢᠭᠤᠯᠵᠤ᠂ ᠺᠤᠮᠫᠠᠨᠢ ᠬᠢᠭᠡᠳ ᠮᠠᠯᠴᠢᠳ ᠬᠠᠮᠲᠤ ᠪᠠᠷ ᠠᠰᠢᠭ ᠭᠦᠷᠳᠡᠭᠦ ᠬᠠᠷᠠᠯᠲᠠ ᠶᠢ ᠪᠡᠶᠡᠯᠡᠭᠦᠯᠬᠦ ᠪᠣᠯᠣᠨ᠎ᠠ︾ ᠭᠡᠪᠡ᠃      ︵ᠰᠤᠷᠪᠤᠯᠵᠢᠯᠠᠬᠴᠢ ᠭᠤᠤ ᠬᠤᠩ ᠯᠢᠶᠠᠨ ᠥᠨᠢᠷ ᠴᠢᠮᠡᠭᠡᠯᠡᠭᠴᠢ ᠪᠠᠢ ᠰᠠᠶᠢᠨᠪᠢᠯᠢᠭ᠌ ᠡᠷᠳᠡᠨᠢᠲᠠᠨ᠎ᠠ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号