ᠮᠠᠨ ᠤ ᠣᠷᠣᠨ ᠤ ︽ᠲᠡᠯᠡᠶ ᠶᠢᠨ ᠢᠳᠡᠭᠡᠨ︾ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2024/9/29
      ᠲᠠᠩᠰᠤᠭ ᠨᠠᠮᠤᠷ ᠤᠨ ᠤᠯᠠᠷᠢᠯ ᠢᠶᠠᠷ ᠲᠠᠪᠤᠨ ᠲᠠᠷᠢᠶ᠎ᠡ ᠪᠣᠯᠪᠠᠰᠤᠷᠠᠵᠤ᠂ ᠮᠠᠨ ᠤ ᠣᠷᠣᠨ ᠤ ᠪᠤᠭᠤᠳᠠᠢ᠂ ᠲᠥᠮᠥᠰᠥ᠂ ᠡᠷᠳᠡᠨᠢ ᠰᠢᠰᠢ ᠮᠡᠲᠦ ᠶᠢᠨ ᠲᠠᠷᠢᠮᠠᠯ ᠤᠨ ᠲᠦᠷᠦᠯ ᠵᠦᠢᠯ ᠡᠯᠪᠡᠭ ᠬᠤᠷᠢᠶᠠᠯᠲᠠ ᠣᠯᠣᠭᠰᠠᠨ ᠠᠴᠠ ᠭᠠᠳᠠᠨ᠎ᠠ ᠨᠠᠢᠮᠠᠯᠵᠢ᠂ ᠯᠤᠤ ᠰᠠᠮ ᠵᠡᠷᠭᠡ ︽ᠲᠠᠯᠠᠢ ᠶᠢᠨ ᠢᠳᠡᠭᠡᠨ︾ ᠴᠦ ᠡᠯᠪᠡᠭ ᠬᠤᠷᠢᠶᠠᠯᠲᠠ ᠪᠠᠨ ᠤᠭᠲᠤᠨᠠᠪᠴᠠᠢ᠃      ᠣᠶᠢᠷ᠎ᠠ ᠳᠤ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠨᠠᠢᠮᠠᠯᠵᠢ ᠵᠠᠬ᠎ᠠ ᠳᠡᠯᠭᠡᠭᠦᠷ ᠲᠤ ᠭᠠᠷᠴᠤ᠂ ᠪᠣᠷᠤᠯᠠᠭᠤᠯᠭ᠎ᠠ ᠰᠠᠶᠢᠲᠠᠢ ᠪᠠᠶᠢᠨ᠎ᠠ᠃ ᠣᠳᠣᠬᠠᠨ ᠳᠤ ᠳ᠋ᠧᠩᠺᠸᠤ ᠰᠢᠶᠠᠨ 3.75 ᠲᠦᠮᠡᠨ ᠮᠦ ᠶᠢᠨ ᠤᠰᠤᠨ ᠣᠷᠣᠨ  ᠳᠤ ᠨᠠᠢᠮᠠᠯᠵᠢ ᠲᠡᠵᠢᠭᠡᠵᠦ᠂ ᠵᠢᠯ ᠤᠨ ᠭᠠᠷᠤᠯᠲᠠ ᠨᠢ 80 ᠲᠣᠨ ᠢ ᠲᠠᠪᠠᠨ᠂ ᠵᠠᠭᠤᠨ ᠨᠠᠭᠤᠷ ᠤᠨ ᠨᠠᠢᠮᠠᠯᠵᠢ ᠨᠢᠭᠡᠨᠲᠡ ᠳ᠋ᠧᠩᠺᠸᠤ ᠶᠢᠨ ᠥᠪᠡᠷᠮᠢᠴᠡ ᠣᠨᠴᠠᠯᠢᠭ ᠲᠠᠢ ᠨᠡᠷ᠎ᠡ ᠶᠢᠨ ᠬᠠᠭᠤᠳᠠᠰᠤ ᠪᠣᠯᠪᠠ᠃ ᠡᠭᠦᠨ ᠠᠴᠠ ᠭᠠᠳᠠᠨ᠎ᠠ᠂ ᠪᠦᠭᠦ ᠣᠷᠣᠨ ᠳᠤ ᠠᠩᠬ᠎ᠠ ᠤᠳᠠᠭ᠎ᠠ ᠲᠤᠷᠰᠢᠨ ᠲᠡᠵᠢᠭᠡᠵᠦ ᠪᠠᠶᠢᠭ᠎ᠠ ᠣᠷᠳᠣᠰ ᠬᠤᠲᠠ ᠶᠢᠨ ᠬᠠᠩᠭᠢᠨ ᠬᠤᠰᠢᠭᠤᠨ ᠤ ᠠᠦ᠋ᠰᠲᠷᠠᠯᠢᠶ᠎ᠠ ᠶᠢᠨ ᠴᠡᠩᠭᠡᠭ ᠤᠰᠤᠨ ᠤ ᠯᠤᠤ ᠰᠠᠮ᠂ ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠤ ︽ᠲᠦᠮᠡᠳ ᠵᠡᠭᠦᠨ ᠬᠤᠰᠢᠭᠤᠨ ᠤ ᠤᠰᠤᠨ ᠲᠤᠲᠤᠷᠭ᠎ᠠ ᠶᠢᠨ ᠲᠠᠷᠢᠶᠠᠨ ᠤ ᠵᠢᠵᠢᠭ ᠯᠤᠤ ᠰᠠᠮ︾᠂ ᠬᠢᠩᠭᠠᠨ ᠠᠶᠢᠮᠠᠭ  ᠤᠨ ᠯᠤᠤ ᠮᠦ ᠱᠠᠨ ᠤᠰᠤᠨ ᠴᠥᠭᠦᠷᠥᠮ ᠤᠨ ᠨᠠᠢᠮᠠᠯᠵᠢ ᠵᠡᠷᠭᠡ ︽ᠲᠡᠯᠡᠶ ᠶᠢᠨ ᠢᠳᠡᠭᠡᠨ︾ ᠴᠦ ᠡᠯᠪᠡᠭ ᠬᠤᠷᠢᠶᠠᠯᠲᠠ ᠣᠯᠵᠤ᠂ ᠵᠠᠬ᠎ᠠ ᠳᠡᠯᠭᠡᠭᠦᠷ ᠲᠤ ᠪᠣᠷᠣᠯᠠᠭᠤᠯᠤᠭᠳᠠᠨ᠂ ᠥᠷᠭᠡᠨ ᠲᠦᠮᠡᠨ ᠤ ᠬᠤᠳᠠᠯᠳᠤᠨ ᠠᠪᠬᠤ ᠬᠠᠯᠠᠮᠰᠢᠯ ᠢᠳᠡᠭᠡᠨ ᠪᠣᠯᠵᠤ ᠪᠠᠶᠢᠨ᠎ᠠ᠃      ᠣᠶᠢᠷ᠎ᠠ ᠶᠢᠨ ᠵᠢᠯ ᠳᠤ ᠮᠠᠨ ᠤ ᠣᠷᠣᠨ ᠲᠥᠬᠦᠭᠡᠷᠦᠮᠵᠢᠲᠦ ᠵᠢᠭᠠᠰᠤᠨ ᠠᠵᠤ ᠠᠬᠤᠢ ᠪᠠᠷ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠴᠢᠬᠤᠯᠠ ᠭᠠᠷᠳᠠᠴᠠ ᠪᠤᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠦᠷᠭᠦᠯᠵᠢᠯᠡᠨ ᠬᠦᠴᠦᠯᠡᠵᠦ᠂ ᠲᠥᠬᠦᠭᠡᠷᠦᠮᠵᠢᠲᠦ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠤᠳᠤ ᠪᠦᠭᠦ ᠣᠷᠣᠨ ᠳᠤ ᠨᠠᠭᠤᠷ ᠴᠥᠭᠦᠷᠥᠮ ᠤᠨ ᠲᠥᠬᠦᠭᠡᠷᠦᠮᠵᠢᠲᠦ ᠲᠡᠵᠢᠭᠡᠨ ᠦᠷᠡᠵᠢᠭᠦᠯᠬᠦ ᠲᠠᠯᠠᠪᠠᠢ 6700 ᠭᠠᠷᠤᠢ ᠮᠦ᠂ ᠡᠬᠡ ᠬᠠᠭᠤᠷᠠᠢ ᠶᠢᠨ ᠲᠥᠬᠦᠭᠡᠷᠦᠮᠵᠢᠲᠦ ᠲᠡᠵᠢᠭᠡᠨ ᠦᠷᠡᠵᠢᠭᠦᠯᠬᠦ ᠲᠠᠯᠠᠪᠠᠢ 8.8 ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠴᠦ᠂ ᠰᠣᠯᠣᠩᠭᠠᠨ ᠲᠤᠯᠤ᠂ ᠬᠢᠯᠢᠮ᠎ᠡ ᠵᠢᠭᠠᠰᠤ᠂ ᠠᠯᠠᠭᠠᠨ᠎ᠠ ᠵᠢᠭᠠᠰᠤ᠂ ᠡᠮᠦᠨᠡᠲᠦ ᠠᠮᠧᠷᠢᠺᠠ ᠶᠢᠨ ᠴᠠᠭᠠᠨ ᠰᠠᠮ᠂ ᠭᠤᠣᠯ ᠤᠨ ᠨᠠᠢᠮᠠᠯᠵᠢ ᠵᠡᠷᠭᠡ ᠡᠭᠦᠯᠳᠡᠷ ᠢ ᠭᠤᠣᠯᠳᠠᠯᠭ᠎ᠠ ᠲᠠᠢ ᠲᠡᠵᠢᠭᠡᠨ ᠦᠷᠡᠵᠢᠭᠦᠯᠵᠦ ᠪᠤᠢ᠃      ᠮᠠᠨ ᠤ ᠣᠷᠣᠨ 2024 - 2025 ᠣᠨ ᠳᠤ ᠵᠢᠯ ᠳᠤᠮᠳᠠᠴᠢ ᠪᠠᠷ 2000 ᠮᠦ ᠨᠠᠭᠤᠷ ᠴᠥᠭᠦᠷᠥᠮ ᠤᠨ ᠪᠠᠷᠢᠮᠵᠢᠶᠠᠵᠢᠭᠤᠯᠤᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ 2000 ᠮᠦ ᠬᠤᠵᠢᠷᠯᠢᠭ ᠭᠠᠵᠠᠷ ᠤᠨ ᠲᠥᠬᠦᠭᠡᠷᠦᠮᠵᠢᠲᠦ ᠵᠢᠭᠠᠰᠤᠨ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠦᠲᠦᠭᠡᠨ ᠪᠠᠶᠢᠭᠤᠯᠵᠤ᠂ ᠣᠲᠣ ᠦᠶ᠎ᠡ ᠶᠢᠨ ᠦᠢᠯᠡᠳᠪᠦᠷᠢᠵᠢᠭᠰᠡᠨ ᠲᠡᠵᠢᠭᠡᠨ ᠦᠷᠡᠵᠢᠭᠦᠯᠬᠦ ᠤᠰᠤᠨ ᠴᠣᠭᠴᠠ ᠶᠢ 10 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠭᠤᠯᠵᠤ᠂ ᠢᠷᠡᠬᠦ ᠵᠢᠯ ᠳᠤ ᠪᠦᠭᠦ ᠣᠷᠣᠨ ᠤ ᠲᠥᠬᠦᠭᠡᠷᠦᠮᠵᠢᠲᠦ ᠵᠢᠭᠠᠰᠤᠨ ᠠᠵᠤ ᠠᠬᠤᠢ  ᠶᠢᠨ ᠤᠰᠤᠨ ᠭᠠᠷᠤᠯᠲᠠ ᠶᠢᠨ ᠡᠵᠡᠯᠡᠬᠦ ᠬᠠᠷᠢᠴᠠᠯ ᠢ 60% ᠳᠤ ᠬᠦᠷᠭᠡᠨ᠂ ᠲᠥᠬᠦᠭᠡᠷᠦᠮᠵᠢᠲᠦ ᠵᠢᠭᠠᠰᠤᠨ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠭᠦ ᠲᠠᠯ᠎ᠠ ᠪᠠᠷ ᠲᠠᠰ ᠳᠡᠪᠰᠢᠭᠦᠯᠵᠦ᠂ ᠵᠢᠭᠠᠰᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠪᠠᠷ ᠬᠦᠴᠦᠯᠡᠵᠦ ᠪᠠᠶᠢᠨ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号