ᠣᠶᠢᠷ᠎ᠠ ᠳᠤ ᠬᠤᠷᠠᠯᠳᠤᠭᠰᠠᠨ 2024 ᠣᠨ ᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ | ᠬᠠᠮᠲᠤᠷᠠᠯᠴᠠᠭ᠎ᠠ ᠶᠢ ᠵᠣᠯᠭᠠᠭᠤᠯᠬᠤ ᠶᠡᠭᠡ ᠬᠤᠷᠠᠯ ᠳᠡᠭᠡᠷ᠎ᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠤᠨ ᠬᠢᠨ ᠤᠯᠠᠨ | ᠵᠢᠯ ᠤᠨ ᠲᠤᠷᠰᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠭᠰᠡᠨ ᠲᠣᠭᠠᠴᠢᠯᠠᠭᠰᠠᠨ ᠲᠠᠷᠢᠶᠠᠯᠠᠩ ᠤᠨ ᠪᠦᠭᠦ ᠠᠵᠤ | ᠦᠢᠯᠡᠰ ᠤᠨ ᠬᠡᠯᠬᠢᠶᠡᠨ ᠤ ᠦᠢᠯᠡᠴᠢᠯᠡᠭᠡᠨ ᠤ ᠲᠠᠪᠴᠠᠩ ᠢ ᠳᠡᠯᠭᠡᠨ ᠦᠵᠡᠭᠦᠯᠵᠦ᠂ ᠲᠤᠬᠠᠢ ᠶᠢᠨ ᠲᠠᠯᠠᠪᠠᠶ ᠶᠢᠨ | ᠲᠤᠰᠬᠠᠢ ᠮᠡᠷᠭᠡᠵᠢᠯᠲᠡᠨ᠂ ᠡᠷᠳᠡᠮᠲᠡᠨ᠂ ᠠᠵᠤ ᠠᠬᠤᠶᠢᠯᠠᠯᠲᠠᠨ ᠤ ᠠᠩᠬᠠᠷᠤᠯ ᠢ ᠲᠠᠲᠠᠪᠠ᠃ | ᠲᠠᠨᠢᠯᠴᠠᠭᠤᠯᠤᠭᠰᠠᠨ ᠢᠶᠠᠷ᠂ ᠣᠳᠣᠬᠠᠨ ᠤ ᠮᠠᠨ ᠤ ᠣᠷᠣᠨ ᠤ ᠲᠠᠷᠢᠶᠠᠯᠠᠩ ᠤᠨ ᠪᠦᠭᠦ ᠠᠵᠤ ᠦᠢᠯᠡᠰ ᠤᠨ | ᠬᠡᠯᠬᠢᠶ᠎ᠡ ᠶᠢ ᠲᠤᠯᠭᠠᠭᠤᠷᠢᠯᠠᠬᠤ ᠲᠣᠭᠠᠴᠢᠯᠠᠭᠰᠠᠨ ᠦᠢᠯᠡᠳᠬᠦᠨ ᠴᠥᠭᠡᠨ᠂ ᠲᠠᠷᠢᠶᠠᠯᠠᠩ ᠤᠨ ᠪᠣᠳᠠᠲᠠᠢ ᠦᠢᠯᠡᠳᠪᠦᠷᠢᠯᠡᠯ | ᠯᠦᠭᠡ ᠠᠭᠤᠰᠤᠯᠴᠠᠭᠰᠠᠨ ᠲᠣᠭᠠᠴᠢᠯᠠᠭᠰᠠᠨ ᠮᠡᠷᠭᠡᠵᠢᠯ ᠤᠨ ᠬᠢᠷᠢ ᠬᠡᠮᠵᠢᠶ᠎ᠡ ᠳᠣᠣᠷ᠎ᠠ᠂ ᠪᠦᠭᠦ ᠠᠵᠤ ᠦᠢᠯᠡᠰ ᠤᠨ | ᠬᠡᠯᠬᠢᠶ᠎ᠡ ᠳᠤ ᠳᠡᠯᠭᠡᠷᠡᠭᠦᠯᠦᠨ ᠬᠡᠷᠡᠭᠯᠡᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ︽ᠣᠶᠤᠨᠲᠤ | ᠲᠠᠷᠢᠶᠠᠯᠠᠩ ᠤᠨ ᠪᠦᠭᠦ ᠠᠵᠤ ᠦᠢᠯᠡᠰ ᠤᠨ ᠬᠡᠯᠬᠢᠶᠡᠨ ᠤ ᠪᠦᠯᠦᠭᠴᠢᠯᠡᠭᠰᠡᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ︾ ᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠵᠦ᠂ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ | ᠭᠤᠣᠯ ᠪᠤᠯᠭᠠᠵᠤ᠂ 3D ᠵᠠᠭᠪᠤᠷ ᠢᠶᠠᠷ ᠬᠠᠪᠰᠤᠷᠤᠮᠵᠢ ᠪᠤᠯᠭᠠᠬᠰᠠᠨ ᠲᠣᠭᠠᠴᠢᠯᠠᠭᠰᠠᠨ ᠢᠬᠡᠷ᠎ᠡ ᠰᠢᠰᠲ᠋ᠧᠮ ᠵᠢᠴᠢ | ᠡᠭᠦᠯᠡᠨ ᠦᠵᠦᠭᠦᠷᠯᠢᠭ ᠤᠨ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ AI ᠲᠠᠪᠴᠠᠩ ᠢ ᠰᠤᠳᠤᠯᠤᠨ ᠨᠡᠭᠡᠭᠡᠵᠦ᠂ | ᠣᠶᠤᠨᠲᠤ ᠲᠠᠷᠢᠶᠠᠯᠠᠩ ᠤᠨ ᠬᠡᠷᠡᠭᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠠᠶᠢᠭᠤᠯᠤᠭᠰᠠᠨ ︽ᠥᠪᠥᠷ ᠮᠣᠩᠭᠤᠯ ᠤᠨ 12396 | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠠᠪᠴᠠᠩ︾ | ᠨᠢ ᠵᠢᠯ ᠳᠤ 120.9 ᠲᠦᠮᠡᠨ ᠮᠠᠯᠴᠢᠨ ᠲᠠᠷᠢᠶᠠᠴᠢᠨ᠂ 1700 ᠭᠠᠷᠤᠢ ᠲᠤᠰᠬᠠᠢ ᠬᠤᠷᠰᠢᠶ᠎ᠠ ᠳᠤ ᠦᠢᠯᠡᠴᠢᠯᠡᠭᠡ | ᠬᠠᠩᠭᠠᠵᠤ᠂ ᠨᠡᠶᠢᠲᠡ 41.7 ᠲᠦᠮᠡᠨ ᠮᠠᠯᠴᠢᠨ ᠲᠠᠷᠢᠶᠠᠴᠢᠨ ᠳᠤ ᠪᠣᠯᠪᠠᠰᠤᠷᠠᠯ ᠬᠦᠷᠲᠡᠭᠡᠵᠦ᠂ ᠦᠢᠯᠡᠴᠢᠯᠡᠭᠡ | ᠬᠠᠩᠭᠠᠭᠰᠠᠨ ᠲᠠᠯᠠᠪᠠᠶ ᠨᠢ 200 ᠲᠦᠮᠡᠨ ᠮᠦ ᠳᠤ ᠬᠦᠷᠴᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠶᠢᠳᠡ | 5.02 ᠳ᠋ᠦᠩᠰᠢᠭᠤᠷ ᠲᠥᠭᠦᠷᠢᠭ ᠨᠡᠮᠡᠭᠳᠡᠭᠦᠯᠦᠭᠰᠡᠨ ᠪᠠᠶᠢᠨ᠎ᠠ᠃ | |